ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠮᠠᠯᠵᠢᠬᠤ ᠲᠠᠷᠢᠶᠠᠯᠠᠬᠤ ᠣᠷᠣᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 136 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ︾ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠮᠠᠯᠵᠢᠬᠤ ᠲᠠᠷᠢᠶᠠᠯᠠᠬᠤ ᠣᠷᠣᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠲᠤ ᠨᠥᠬᠦᠪᠦᠷᠢ ᠥᠭᠬᠦ ᠠᠰᠢᠭ ᠣᠷᠣᠯᠭ᠎ᠠ ᠶᠢᠨ ᠪᠠᠲᠤᠯᠠᠪᠤᠷᠢ ᠶᠢᠨ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠪᠦᠷᠢᠨᠰᠢᠭᠦᠯᠬᠦ᠂ ᠪᠦᠬᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠲᠣᠭᠤᠷᠢᠨ ᠢ ᠪᠠᠶᠢᠭᠤᠯᠬᠤ ᠵᠡᠷᠭᠡ ᠶᠢᠨ ᠲᠣᠭᠤᠷᠢᠨ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠢᠳᠡᠨ ᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠢ᠃ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠳᠣᠬᠢᠴᠢᠯᠠᠯᠲᠠ ᠲᠡᠶᠢᠰᠢ ᠬᠥᠭᠵᠢᠬᠦ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠲᠧᠯᠸᠢᠰ᠂ ᠵᠠᠭᠤᠴᠢᠯᠠᠭᠤᠷ ᠤᠨ ᠲᠠᠪᠴᠠᠩ ᠢ ᠠᠰᠢᠭᠯᠠᠵᠤ᠂ ᠭᠤᠷᠪᠠᠨ ᠶᠡᠭᠡ ᠭᠠᠷ ᠤᠲᠠᠰᠤᠨ ᠤ ᠡᠵᠡᠩᠨᠡᠯᠲᠡ ᠶᠢᠨ ᠬᠤᠳᠠᠯᠳᠤᠭᠠᠴᠢᠨ ᠤ ᠤᠬᠠᠭᠤᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠬᠦᠷᠭᠡᠵᠦ᠂ ᠮᠠᠨ ᠤ ᠨᠠᠮ ᠤᠨ ᠨᠡᠶᠢᠲᠡᠯᠡᠭᠰᠡᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠨᠢᠭᠡᠪᠦᠷᠢ᠂ ᠲᠠᠷᠬᠠᠭᠠᠭᠰᠠᠨ ᠨᠥᠬᠦᠪᠦᠷᠢ ᠪᠡᠯᠡ ᠮᠥᠩᠭᠦ ᠨᠢᠭᠡᠪᠦᠷᠢ ᠶᠢ ᠴᠥᠮ ᠲᠠᠷᠢᠶᠠᠴᠢᠳ ᠲᠤ ᠲᠣᠳᠣᠷᠬᠠᠢ ᠶᠠᠷᠢᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠲᠠᠶᠢᠴᠢᠯᠠᠨ ᠬᠠᠮᠠᠭᠠᠯᠠᠵᠤ᠂ ᠤᠯᠠᠨ ᠲᠦᠮᠡᠨ ᠳᠤ ᠨᠠᠮ ᠤᠨ ᠠᠴᠢ ᠶᠢ ᠦᠨᠡᠨ ᠬᠦ ᠣᠶᠢᠯᠠᠭᠠᠭᠤᠯᠵᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠰ᠂ ᠡᠮᠴᠢᠯᠡᠭᠡ᠂ ᠠᠵᠢᠯ ᠣᠯᠭᠤᠯᠲᠠ ᠵᠡᠷᠭᠡ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠳᠥᠷᠪᠡᠨ ᠶᠡᠭᠡ ᠠᠵᠤ ᠦᠢᠯᠡᠰ︾ ᠤᠨ ᠲᠣᠭᠤᠷᠢᠨ ᠳᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢᠨ ᠰᠡᠳᠬᠢᠴᠡ ᠶᠣᠰᠣᠭᠠᠷ᠂ ᠨᠣᠶᠢᠯ ᠪᠤᠭᠤᠳᠠᠢ ᠪᠣᠯᠣᠨ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠪᠣᠬᠢᠷᠲᠤᠯ ᠦᠭᠡᠢ ᠠᠮᠢ ᠠᠬᠤᠢ ᠶᠢᠨ ᠡᠬᠢ ᠪᠠᠶᠠᠯᠢᠭ ᠲᠤ ᠲᠦᠰᠢᠭᠯᠡᠨ᠂ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ ᠶᠢᠨ ᠦᠵᠡᠮᠵᠢ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠴᠦᠨ ᠺᠦᠨ ᠯᠢᠶᠠᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠡᠦᠬᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠤᠮᠠᠷᠠᠲᠤ ᠸᠧᠢ ᠤᠯᠤᠰ ᠤᠨ ᠮᠦᠽᠧᠢ ᠪᠣᠯᠣᠨ ᠣᠩᠭᠤᠨ ᠳᠠᠪᠠᠭᠠᠨ ᠣᠷᠤᠢ ᠶᠢᠨ ᠪᠠᠭᠤᠷᠢ᠂ ᠶᠢᠨ ᠵᠢᠶᠧ ᠬᠤᠤ ᠶᠢᠨ ᠤᠷᠳᠤ ᠴᠠᠭᠠᠨ ᠬᠡᠷᠡᠮ ᠤᠨ ᠪᠠᠭᠤᠷᠢ ᠵᠡᠷᠭᠡ ᠲᠥᠷᠥᠯ ᠵᠦᠢᠯ ᠢ ᠴᠣᠭᠴᠠᠯᠠᠬᠤ ᠬᠡᠷᠡᠭᠲᠡᠢ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠴᠡᠪᠡᠷ ᠡᠨᠧᠷᠭᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠦᠴᠦᠸᠠᠨ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ︽ᠥᠪᠡᠷᠮᠢᠴᠡ ᠣᠨᠴᠠᠯᠢᠭ ᠲᠠᠢ ᠫᠠᠶᠢᠰᠠ︾ ᠶᠢ ᠰᠠᠶᠢᠲᠤᠷ ᠬᠢᠬᠦ ᠬᠡᠷᠡᠭᠲᠡᠢ᠃ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ︽ᠴᠠᠭ ᠬᠤᠭᠤᠴᠠᠭ᠎ᠠ ᠬᠠᠭᠠᠰ ᠥᠩᠭᠡᠷᠡᠬᠦ ᠳᠤ ᠡᠭᠦᠷᠭᠡ ᠪᠠᠨ ᠬᠠᠭᠠᠰ ᠠᠴᠠ ᠢᠯᠡᠭᠦᠦ ᠪᠡᠶᠡᠯᠡᠭᠦᠯᠬᠦ︾ ᠶᠢ ᠪᠠᠲᠤᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠰᠠᠶᠢᠲᠤᠷ ᠠᠳᠬᠤᠵᠤ᠂ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠪᠣᠯᠣᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠢ ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠯᠤᠭ᠎ᠠ ᠬᠠᠮᠲᠤᠷᠠᠯᠴᠠᠵᠤ ᠴᠢᠨᠠᠷ ᠰᠠᠶᠢᠲᠠᠢ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠰᠯᠡᠯ ᠤᠨ ᠰᠢᠯᠢᠳᠡᠭ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠵᠦ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠵᠦ᠂ ᠵᠢᠭᠠᠨ ᠰᠤᠷᠭᠠᠯᠲᠠ ᠶᠢᠨ ᠡᠩᠨᠡᠭᠡ ᠪᠠ ᠪᠠᠭᠰᠢ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠡᠷᠡᠭᠴᠡᠭᠡ ᠶᠢ ᠬᠠᠩᠭᠠᠵᠤ᠂ ᠴᠢᠨᠠᠷ ᠰᠠᠶᠢᠲᠠᠢ᠂ ᠭᠡᠷ ᠤᠨ ᠠᠬᠠᠮᠠᠳ ᠤᠨ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭ᠎ᠠ ᠡᠭᠦᠷᠭᠡᠯᠡᠯ ᠢᠶᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠪᠣᠯᠣᠨ ᠬᠥᠭᠵᠢᠯᠲᠡ ᠶᠢᠨ ᠬᠠᠨᠳᠤᠰᠢ ᠶᠢ ᠨᠢᠭᠲᠠ ᠠᠩᠬᠠᠷᠴᠤ᠂ ᠴᠠᠭ ᠠᠭᠤᠷ ᠤᠨ ᠰᠠᠯᠠᠭ᠎ᠠ ᠮᠥᠴᠢᠷ ᠤᠳ ᠲᠤᠶᠢᠯ ᠤᠨ ᠦᠵᠦᠭᠦᠷᠯᠢᠭ᠂ ᠲᠣᠭᠲᠠᠭᠠᠯᠲᠤ ᠪᠤᠰᠤ ᠴᠢᠨᠠᠷᠲᠠᠢ ᠴᠠᠭ ᠠᠭᠤᠷ ᠤᠨ ᠬᠤᠪᠢᠷᠠᠯᠲᠠ ᠶᠢ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠡᠷᠲᠡ ᠬᠢᠨᠠᠨ ᠬᠡᠮᠵᠢᠵᠦ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号