ᠮᠠᠨ ᠤ ᠣᠷᠣᠨ 12 ᠵᠦᠢᠯ ᠤᠨ ᠠᠷᠭ᠎ᠠ ᠬᠡᠮᠵᠢᠶ᠎ᠡ ᠪᠠᠷ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2024/6/27
     ᠣᠶᠢᠷ᠎ᠠ ᠶᠢᠨ ᠡᠳᠦᠷ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ︽ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠯᠠᠭᠠᠨ ᠤ ᠲᠥᠰᠥᠯ︾ ︵ᠳᠣᠷᠣᠭᠰᠢ  ︽ ᠠᠵᠢᠯᠯᠠᠭᠠᠨ ᠤ  ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠃ ︽ᠠᠵᠢᠯᠯᠠᠭᠠᠨ ᠤ ᠲᠥᠰᠥᠯ︾ ᠨᠢ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ  ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢ ᠨᠠᠩ ᠶᠡᠭᠡ ᠡᠷᠴᠢᠮ᠂ ᠨᠠᠩ ᠪᠦᠲᠦᠮᠵᠢᠲᠡᠶ ᠣᠷᠣᠭᠤᠯᠤᠨ ᠠᠪᠴᠢᠷᠠᠬᠤ ᠪᠠ ᠠᠰᠢᠭᠯᠠᠬᠤ ᠶᠡᠷᠦᠩᠬᠡᠢ ᠱᠠᠭᠠᠷᠳᠠᠯᠭ᠎ᠠ ᠶᠣᠰᠣᠭᠠᠷ  12 ᠵᠤᠷᠪᠤᠰ ᠪᠣᠳᠠᠲᠠᠢ ᠶᠢ  ᠡᠷᠬᠢᠮᠯᠡᠭᠰᠡᠨ ᠠᠷᠭ᠎ᠠ ᠬᠡᠮᠵᠢᠶ᠎ᠡ ᠭᠠᠷᠭᠠᠵᠤ᠂ ᠮᠠᠨ ᠤ ᠣᠷᠣᠨ ᠤ ᠭᠠᠳᠠᠭᠠᠳᠤ  ᠶᠢᠨ ᠠᠷᠠᠯᠵᠢᠶᠠᠴᠢᠨ ᠤ ᠪᠡᠯᠡ ᠣᠷᠣᠭᠤᠯᠬᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠡᠢ᠃      ︽ᠠᠵᠢᠯᠯᠠᠭᠠᠨ ᠤ ᠲᠥᠰᠥᠯ︾ ᠳᠤ ᠭᠤᠣᠯᠳᠠᠭᠤ ᠭᠤᠷᠪᠠᠨ ᠶᠡᠭᠡ ᠭᠢᠯᠠᠰ ᠴᠡᠭ ᠪᠤᠶ᠄ ᠨᠢᠭᠡ ᠳᠤ᠂ ᠪᠡᠯᠡ ᠮᠥᠩᠭᠦ ᠭᠠᠷᠭᠠᠵᠤ ᠲᠥᠷᠥ ᠶᠢᠨ ᠪᠣᠳᠣᠯᠭ᠎ᠠ ᠶᠢᠨ ᠦᠨ᠎ᠡ ᠥᠷᠲᠡᠭ ᠢ ᠪᠠᠳᠠᠷᠠᠭᠤᠯᠵᠠᠢ᠃ 2027 ᠣᠨ ᠪᠤᠯᠲᠠᠯ᠎ᠠ  ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠳ ᠵᠢᠯ ᠪᠦᠷᠢ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ  ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠬᠦ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠬᠤᠶᠠᠷ ᠲᠤ᠂ ᠠᠵᠤ ᠦᠢᠯᠡᠰ ᠲᠤ  ᠠᠩᠬᠠᠷᠤᠯ ᠢᠶᠠᠨ ᠲᠥᠪᠯᠡᠷᠡᠭᠦᠯᠵᠦ ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠎ᠠ᠃ ᠥᠪᠥᠷ ᠮᠣᠩᠭᠤᠯ ᠤᠨ ᠨᠠᠢᠮᠠᠨ ᠶᠡᠭᠡ ᠠᠵᠤ ᠦᠢᠯᠡᠰ ᠤᠨ ᠪᠦᠯᠦᠭᠯᠡᠯ᠂ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠭᠠᠳᠠᠭᠠᠳᠤ ᠪᠡᠯᠡ ᠲᠠᠲᠠᠬᠤ ᠲᠥᠷᠥᠯ ᠵᠦᠢᠯ ᠤᠨ ᠲᠣᠭᠤᠷᠢᠨ ᠳᠤ  ᠭᠠᠳᠠᠭᠠᠳᠤ ᠪᠡᠯᠡ ᠶᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠭᠤᠷᠪᠠ ᠳᠤ᠂ ᠥᠪᠥᠷ ᠮᠣᠩᠭᠤᠯ ᠤᠨ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ ᠭᠠᠳᠠᠭᠠᠳᠤ ᠪᠡᠯᠡ ᠶᠢᠨ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠠᠶᠢᠮᠠᠭ ᠬᠤᠲᠠ ᠶᠢ ᠵᠢᠯᠣᠭᠤᠳᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠶᠢ ᠭᠦᠢᠴᠡᠳᠬᠡᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠡᠷᠬᠡ ᠠᠰᠢᠭ ᠢ ᠬᠠᠤᠯᠢ ᠲᠣᠭᠲᠠᠭᠠᠯ ᠶᠣᠰᠣᠭᠠᠷ ᠬᠠᠮᠠᠭᠠᠯᠠᠨ᠎ᠠ᠃      ᠣᠶᠢᠯᠠᠭᠠᠭᠰᠠᠨ ᠢᠶᠠᠷ᠂ 2024 ᠣᠨ ᠤ ᠲᠦᠷᠦᠭᠦᠦ 4 ᠰᠠᠷ᠎ᠠ ᠳᠤ  ᠪᠦᠭᠦ ᠣᠷᠣᠨ ᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 7.7 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ  ᠠᠳᠠᠯᠢ ᠬᠤᠭᠤᠴᠠᠭᠠᠨ ᠤ ᠬᠢ ᠠᠴᠠ 49%︵ᠨᠤᠭᠤᠯᠵᠤ ᠪᠤᠳᠤᠪᠠᠯ 1.1 ᠳ᠋ᠦᠩᠰᠢᠭᠤᠷ ᠳ᠋ᠣᠯᠯᠠᠷ᠂  ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 45.5% ᠪᠠᠷ ᠨᠡᠮᠡᠭᠳᠡᠪᠡ︶ᠨᠡᠮᠡᠭᠳᠡᠵᠠᠢ; ᠪᠦᠭᠦ ᠣᠷᠣᠨ ᠳᠤ  ᠰᠢᠨ᠎ᠡ ᠪᠠᠷ ᠨᠡᠮᠡᠭᠳᠡᠭᠰᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 48 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠵᠡᠢ᠃      ᠳᠠᠷᠠᠭᠠᠴᠢ ᠶᠢᠨ ᠠᠯᠬᠤᠮ ᠳᠤ ᠮᠠᠨ ᠤ ᠣᠷᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠣᠨ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠪᠡᠯᠡ  ᠶᠢᠨ ᠠᠵᠤ ᠠᠬᠤᠶᠢᠯᠠᠯ ᠤᠨ ᠲᠣᠭᠤᠷᠢᠭ ᠰᠢᠷᠡᠭᠡᠨ ᠤ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠶᠡᠷᠦᠩᠬᠡᠢ  ᠬᠡᠮᠵᠢᠶ᠎ᠡ   ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠭᠠᠳᠠᠭᠠᠳᠤ ᠪᠡᠯᠡ ᠶᠢᠨ ᠲᠦᠷᠦᠯ ᠵᠦᠢᠯ ᠪᠣᠯᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠦᠷᠦᠯ   ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠦᠭᠦ ᠶᠠᠪᠤᠴᠠ ᠶᠢ ᠮᠦᠷᠳᠡᠨ ᠦᠢᠯᠡᠴᠢᠯᠡᠨ᠎ᠡ᠃︽ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ᠂︽ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ︾ ᠵᠡᠷᠭᠡ ᠡᠯ᠎ᠡ ᠲᠥᠷᠥᠯ ᠤᠨ ᠤᠯᠤᠰ ᠤᠨ ᠭᠤᠣᠯᠳᠠᠯᠭ᠎ᠠ ᠲᠠᠢ ᠦᠵᠡᠰᠭᠦᠯᠡᠩ ᠤᠨ ᠴᠤᠭᠯᠠᠭᠠᠨ ᠪᠣᠯᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠪᠴᠠᠩ ᠢ ᠠᠰᠢᠭᠯᠠᠨ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠵᠤ᠂ ᠭᠠᠳᠠᠭᠠᠳᠤ ᠪᠡᠯᠡ ᠶᠢᠨ ᠲᠣᠮᠣ ᠲᠥᠷᠥᠯ ᠵᠦᠢᠯ ᠪᠣᠯᠣᠨ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠨ᠎ᠠ᠃ ᠡᠭᠦᠨ ᠤ ᠬᠠᠮᠲᠤ ᠰᠢᠶᠠᠩᠭᠠᠩ ᠣᠣᠮᠧᠨ᠂ ᠰᠢᠩᠭᠠᠫᠤᠷ᠂ ᠶᠠᠫᠤᠨ ᠵᠡᠷᠭᠡ ᠤᠯᠤᠰ ᠭᠠᠵᠠᠷ ᠣᠷᠣᠨ ᠳᠤ ᠬᠠᠨᠳᠤᠭᠤᠯᠤᠭᠰᠠᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠢ ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠥᠪᠥᠷ ᠮᠣᠩᠭᠤᠯ ᠤᠨ ᠨᠡᠭᠡᠭᠡᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠢᠯᠡᠷᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号