ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2024/6/27
     ︵2024 ᠣᠨ ᠤ 5 ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠪᠠᠲᠤᠯᠠᠪᠠ︶      ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠪᠠᠶᠢᠭᠠᠯᠢ ᠶᠢᠨ ᠥᠩᠭᠡ ᠦᠵᠡᠮᠵᠢ ᠭᠤᠶᠣ ᠰᠠᠶᠢᠬᠠᠨ᠂ ᠠᠮᠢ ᠠᠬᠤᠢ ᠶᠢᠨ ᠲᠥᠷᠥᠯ ᠭᠡᠯᠪᠡᠷᠢ ᠣᠯᠠᠨ ᠶᠠᠩᠵᠤ ᠶᠢᠨ ᠪᠠᠶᠢᠵᠤ᠂ ᠮᠥᠰᠥ ᠴᠠᠰᠤ᠂ ᠣᠶ ᠰᠢᠭᠤᠢ᠂ ᠠᠭᠤᠯᠠ ᠤᠰᠤ᠂ ᠨᠤᠭᠤ ᠭᠠᠵᠠᠷ᠂ ᠲᠠᠯ᠎ᠠ ᠨᠤᠲᠤᠭ᠂ ᠡᠯᠡᠰᠦ ᠮᠠᠩᠬ᠎ᠠ᠂ ᠨᠠᠭᠤᠷ ᠴᠥᠭᠦᠷᠥᠮ᠂ ᠭᠤᠣᠯ ᠮᠥᠷᠡᠨ᠂ ᠲᠡᠯᠡᠶ ᠲᠠᠩᠭᠢᠰ ᠵᠡᠷᠭᠡ ᠪᠠᠶᠢᠭᠠᠯᠢ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠠᠢ; ᠰᠣᠶᠣᠯ ᠢᠷᠭᠡᠨᠰᠢᠯ ᠤᠨ ᠠᠭᠤᠷ ᠠᠮᠢᠰᠬᠤᠯ ᠥᠳᠬᠡᠨ ᠵᠤᠵᠠᠭᠠᠨ᠂ ᠣᠯᠠᠨ ᠡᠰᠢᠲᠦ ᠰᠣᠶᠣᠯ ᠰᠣᠯᠪᠢᠴᠠᠵᠤ᠂ ᠦᠨᠳᠦᠰᠦᠲᠡᠨ ᠤ ᠵᠠᠩ ᠵᠠᠩᠰᠢᠯ᠂ ᠨᠤᠲᠤᠭ ᠤᠰᠤᠨ ᠤ ᠬᠡᠪ ᠨᠠᠮᠪᠠ᠂ ᠨᠡᠭᠡᠭᠡᠯᠲᠡᠲᠤ ᠳᠦᠷᠢ ᠲᠥᠷᠬᠦ᠂ ᠬᠥᠭᠵᠢᠯ ᠪᠠᠳᠠᠷᠠᠯ ᠵᠡᠷᠭᠡ ᠰᠣᠶᠣᠯ ᠢᠷᠭᠡᠨᠰᠢᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠᠯᠢᠭ ᠢᠯᠡ ᠲᠣᠳᠣ ᠪᠠᠶᠢᠳᠠᠭ᠃ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠴᠢᠬᠤᠯᠠ ᠬᠦᠴᠦᠯᠡᠬᠦ ᠴᠡᠭ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠤᠯᠴᠢᠯᠠᠯ ᠤᠨ ᠬᠠᠤᠯᠢ︾ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠲᠤ ᠪᠠᠷ ᠰᠤᠳᠤᠯᠤᠭᠠᠳ ᠳᠣᠣᠷᠠᠬᠢ ᠮᠡᠲᠦ ᠲᠣᠭᠲᠠᠭᠠᠯ ᠢ ᠭᠠᠷᠭᠠᠪᠠ᠄      ᠨᠢᠭᠡ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾᠂ ︽ᠮᠥᠰᠥ ᠴᠠᠰᠤᠨ ᠳᠤ ᠬᠤᠴᠢᠭᠳᠠᠭᠰᠠᠨ ᠮᠥᠩᠭᠦᠨ ᠴᠠᠭᠠᠨ ᠳᠡᠯᠡᠬᠡᠢ ᠴᠤ ᠠᠯᠲᠠ ᠮᠥᠩᠭᠦᠨ ᠠᠭᠤᠯᠠ ᠮᠥᠨ︾ ᠭᠡᠳᠡᠭ ᠢ ᠦᠨᠡᠨᠴᠢ ᠪᠠᠷ ᠦᠢᠯᠡᠳᠦᠯᠭᠡᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠭᠦᠯᠬᠦ᠂ ᠤᠳᠤ ᠦᠶ᠎ᠡ ᠶᠢᠨ ᠵᠢᠭᠤᠯᠴᠢᠯᠠᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠤᠨ᠎ᠠ᠃      ᠬᠤᠶᠠᠷ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ᠂ ᠣᠷᠣᠨ ᠪᠦᠰᠡ ᠶᠢᠨ ᠵᠢᠭᠤᠯᠴᠢᠯᠠᠯ ᠤᠨ ᠡᠬᠢ ᠪᠠᠶᠠᠯᠢᠭ ᠤᠨ ᠣᠨᠴᠠᠯᠢᠭ ᠪᠠ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠵᠡᠭᠦᠨ ᠬᠤᠶᠢᠲᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠲᠦᠷᠭᠡᠳᠬᠡᠨ ᠬᠡᠷᠡᠭᠵᠢᠭᠦᠯᠵᠦ᠂ ᠵᠡᠭᠦᠨ ᠬᠤᠶᠢᠲᠤ ᠣᠷᠣᠨ ᠢ ᠳᠡᠯᠡᠬᠡᠢ ᠶᠢᠨ ᠲᠠᠰ ᠤᠨ ᠮᠥᠰᠥ ᠴᠠᠰᠤᠨ ᠤ ᠵᠢᠭᠤᠯᠴᠢᠯᠠᠯ ᠤᠨ ᠠᠮᠠᠷᠠᠨ ᠵᠤᠭᠠᠴᠠᠬᠤ ᠭᠠᠵᠠᠷ᠂ ᠪᠦᠭᠦ ᠤᠯᠤᠰ ᠤᠨ ᠪᠣᠬᠢᠷᠳᠤᠯ ᠦᠭᠡᠢ ᠵᠢᠭᠤᠯᠴᠢᠯᠠᠯ ᠤᠨ ᠬᠥᠭᠵᠢᠯᠲᠡ ᠶᠢᠨ ᠬᠥᠲᠥᠯᠥᠨ ᠳᠠᠭᠠᠭᠤᠯᠬᠤ ᠭᠠᠵᠠᠷ᠂ ᠬᠢᠯᠢ ᠶᠢᠨ ᠵᠢᠭᠤᠯᠴᠢᠯᠠᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠥᠯᠢᠭᠡᠷ ᠳᠠᠭᠤᠷᠢᠶᠠᠯ ᠭᠠᠵᠠᠷ᠂ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠦᠢᠯᠡᠳᠦᠯᠭᠡ ᠶᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃      ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠬᠤᠲᠠ ᠶᠢᠨ ᠪᠦᠯᠦᠭᠵᠢᠯ ᠪᠠ ᠴᠢᠬᠤᠯᠠ ᠶᠡᠭᠡ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠵᠢᠭᠤᠯᠴᠢᠯᠠᠯ ᠤᠨ ᠡᠬᠢ ᠪᠠᠶᠠᠯᠢᠭ ᠢ  ᠰᠢᠯᠢᠳᠡᠭᠵᠢᠭᠦᠯᠦᠨ ᠨᠡᠶᠢᠳᠬᠡᠵᠦ᠂ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠨ᠂ ᠲᠥᠯᠦᠪᠵᠢᠭᠦᠯᠭᠡ ᠶᠢᠨ ᠬᠠᠮᠵᠢᠯᠴᠠᠭ᠎ᠠ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ᠂ ᠬᠦᠴᠦᠨ ᠵᠦᠢᠯ ᠤᠨ ᠬᠠᠮᠵᠢᠯᠴᠠᠭ᠎ᠠ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠭᠤᠷᠪᠠᠨ ᠭᠤᠯᠳᠤ ᠭᠤᠷᠪᠠᠨ ᠬᠥᠨᠳᠡᠯᠡᠨ︾ ᠵᠢᠭᠤᠯᠴᠢᠯᠠᠯ ᠤᠨ ᠨᠡᠪᠲᠡᠷᠡᠬᠦ ᠵᠠᠮ ᠪᠠ ︽ᠭᠤᠷᠪᠠᠨ ᠲᠣᠭᠤᠷᠢᠭ ᠬᠤᠶᠠᠷ ᠪᠦᠰᠡ︾ ᠶᠢᠨ ᠵᠢᠭᠤᠯᠴᠢᠯᠠᠯ ᠤᠨ ᠬᠡᠰᠡᠭ ᠵᠢᠴᠢ ᠡᠯ᠎ᠡ ᠲᠥᠷᠥᠯ ᠤᠨ ᠰᠣᠶᠣᠯ ᠤᠨ ᠵᠢᠭᠤᠯᠴᠢᠯᠠᠯ ᠤᠨ ᠪᠦᠰᠡ ︵ᠬᠤᠩᠭᠢᠯ︶ ᠶᠢᠨ ᠪᠦᠲᠦᠭᠡᠨ ᠪᠠᠶᠢᠭᠤᠯᠤᠯᠲᠠ ᠶᠢ ᠬᠠᠮᠲᠤ  ᠪᠠᠷ ᠠᠬᠢᠭᠤᠯᠵᠤ᠂ ᠣᠷᠣᠨ ᠪᠦᠰᠡ ᠶᠢᠨ ᠵᠢᠭᠤᠯᠴᠢᠯᠠᠯ ᠤᠨ ᠬᠡᠷᠡᠭᠯᠡᠭᠡᠨ ᠤ ᠬᠤᠲᠠ ᠶᠢᠨ ᠴᠠᠭᠠᠷᠢᠭ ᠪᠠ ᠲᠥᠪᠯᠡᠷᠡᠯ ᠤᠨ ᠣᠷᠣᠨ ᠢ ᠲᠦᠷᠭᠡᠳᠬᠡᠨ ᠪᠤᠶ ᠪᠤᠯᠭᠠᠵᠤ᠂ ᠣᠷᠣᠨ ᠪᠦᠰᠡ ᠶᠢᠨ ᠵᠢᠭᠤᠯᠴᠢᠯᠠᠯ ᠤᠨ ᠪᠦᠬᠦᠯᠢ ᠴᠣᠭᠴᠠ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠭᠤᠷᠪᠠ᠂ ᠮᠤᠵᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠭᠤᠷᠣᠨᠳᠣᠭᠢ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠰᠢᠢᠳᠪᠦᠷᠢᠯᠡᠨ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠳᠡᠮᠵᠢᠯᠭᠡ ᠶᠢ ᠣᠯᠣᠨ᠎ᠠ᠃      ᠮᠤᠵᠢ᠂ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠭᠤᠯᠴᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠩᠭᠤ ᠬᠠᠷᠢᠯᠴᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠣᠷᠣᠨ ᠪᠦᠰᠡ ᠶᠢᠨ ᠬᠠᠮᠵᠢᠯᠴᠠᠬᠤ ᠵᠦᠢᠯᠡᠰ ᠢ ᠬᠠᠮᠲᠤ ᠪᠠᠷ ᠠᠬᠢᠭᠤᠯᠤᠨ ᠨᠠᠶᠢᠳᠠᠪᠤᠷᠢᠵᠢᠭᠤᠯᠤᠨ᠎ᠠ; ᠪᠣᠳᠠᠲᠠᠢ ᠠᠴᠠ ᠡᠭᠦᠰᠴᠦ ᠲᠤᠰᠬᠠᠢ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠮᠵᠢᠯᠴᠠᠨ ᠬᠠᠤᠯᠢ ᠬᠡᠷᠡᠭᠵᠢᠭᠦᠯᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠶᠢ ᠬᠠᠮᠲᠤ ᠪᠠᠷ ᠥᠷᠨᠢᠭᠦᠯᠦᠨ᠎ᠡ᠃      ᠥᠪᠡᠷᠲᠡᠭᠡᠨ ᠵᠠᠰᠠᠬᠤ ᠣᠷᠣᠨ ᠤ ᠪᠤᠰᠤᠳ ᠮᠤᠵᠢ ᠶᠢᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃      ᠳᠥᠷᠪᠡ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠶᠢᠨ ᠣᠨᠴᠠᠯᠢᠭ ᠪᠠ ᠥᠷᠢᠰᠦᠯᠳᠦᠬᠦ ᠬᠦᠴᠦᠨ ᠲᠠᠢ ᠵᠢᠭᠤᠯᠴᠢᠯᠠᠯ ᠤᠨ ᠦᠢᠯᠡᠳᠬᠦᠨ ᠢ ᠬᠠᠮᠵᠢᠯᠴᠠᠨ ᠨᠡᠭᠡᠭᠡᠨ ᠬᠥᠭᠵᠢᠭᠦᠯᠵᠦ᠂ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠬᠠᠮᠵᠢᠯᠴᠠᠨ ᠲᠥᠯᠥᠪᠵᠢᠭᠦᠯᠵᠦ᠂ ᠴᠡᠭ ᠪᠠ ᠱᠤᠭᠤᠮ ᠬᠤᠯᠪᠣᠭᠰᠠᠨ᠂ ᠱᠤᠭᠤᠮ ᠪᠠ ᠪᠦᠭᠦ ᠲᠠᠯ᠎ᠠ ᠶᠢᠨ ᠣᠷᠣᠨ ᠪᠦᠰᠡ ᠶᠢᠨ ᠵᠢᠭᠤᠯᠴᠢᠯᠠᠯ ᠤᠨ ᠲᠣᠭᠤᠷᠢᠭ ᠢ ᠪᠠᠶᠢᠭᠤᠯᠤᠨ᠎ᠠ᠃      ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠮᠥᠰᠥ ᠴᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠥᠰᠥ ᠴᠠᠰᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ᠤᠯᠤᠰ ᠤᠨ ᠳᠣᠲᠣᠭᠠᠳᠤ ᠶᠢᠨ ᠮᠥᠰᠥ ᠴᠠᠰᠤᠨ ᠤ ᠵᠠᠬ᠎ᠠ ᠳᠡᠯᠭᠡᠭᠦᠷ᠂ ᠮᠥᠰᠥ ᠴᠠᠰᠤᠨ ᠤ ᠠᠵᠤ ᠦᠢᠯᠡᠰ ᠪᠣᠯᠣᠨ ᠮᠥᠰᠥ ᠴᠠᠰᠤᠨ ᠤ ᠰᠣᠶᠣᠯ ᠢ ᠬᠥᠲᠥᠯᠥᠨ ᠳᠠᠭᠠᠭᠤᠯᠵᠤ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠢ ᠮᠥᠰᠥ ᠴᠠᠰᠤᠨ ᠤ ᠵᠢᠭᠤᠯᠴᠢᠯᠠᠯ ᠤᠨ ᠲᠦᠷᠦᠯ ᠲᠡᠮᠳᠡᠭ ᠢ ᠬᠠᠮᠲᠤ ᠪᠠᠷ ᠴᠣᠬᠴᠠᠯᠠᠨ᠎ᠠ᠃ ᠳᠤᠯᠠᠭᠠᠨ ᠴᠢᠭᠢᠭᠯᠢᠭ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ ᠤᠨ ᠨᠥᠬᠦᠴᠡᠯ ᠪᠣᠯᠣᠨ ᠣᠶ ᠰᠢᠭᠤᠢ᠂ ᠠᠭᠤᠯᠠ ᠤᠰᠤ᠂ ᠨᠤᠭᠤ ᠭᠠᠵᠠᠷ᠂ ᠲᠠᠯ᠎ᠠ ᠨᠤᠲᠤᠭ᠂ ᠡᠯᠡᠰᠦ ᠮᠠᠩᠬ᠎ᠠ᠂ ᠨᠠᠭᠤᠷ ᠴᠥᠭᠦᠷᠥᠮ᠂ ᠭᠤᠣᠯ ᠮᠥᠷᠡᠨ᠂ ᠲᠡᠯᠡᠶ ᠲᠠᠩᠭᠢᠰ ᠵᠡᠷᠭᠡ ᠴᠢᠨᠠᠷ ᠰᠠᠶᠢᠲᠠᠢ ᠡᠬᠢ ᠪᠠᠶᠠᠯᠢᠭ ᠢ ᠭᠦᠢᠴᠡᠳ ᠠᠰᠢᠭᠯᠠᠨ᠂ ᠵᠤᠰᠠᠯᠠᠩ ᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ︽ᠵᠡᠭᠦᠨ ᠬᠤᠶᠢᠲᠤ ᠣᠷᠣᠨ ᠳᠤ ᠵᠢᠭᠤᠯᠴᠢᠯᠠᠨ ᠰᠠᠭᠤᠬᠤ︾ ᠵᠤᠰᠠᠯᠠᠩ ᠤᠨ ᠵᠢᠭᠤᠯᠴᠢᠯᠠᠯ ᠤᠨ ᠲᠥᠷᠥᠯ ᠲᠡᠮᠳᠡᠭ ᠢ ᠬᠠᠮᠲᠤ ᠪᠠᠷ ᠪᠤᠶ ᠪᠤᠯᠭᠠᠨ᠎ᠠ᠃ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠰᠢᠯᠢᠳᠡᠭ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠪᠢᠰᠬᠠᠯᠲᠤ ᠵᠢᠭᠤᠯᠴᠢᠯᠠᠯ ᠪᠠ ᠦᠨᠳᠦᠰᠦᠲᠡᠨ ᠤ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠬᠠᠮᠲᠤ ᠪᠠᠷ ᠡᠭᠦᠳᠦᠨ᠎ᠡ᠃ ︽ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠥᠯᠥᠭᠡᠢ︾ ᠶᠢᠨ ᠲᠡᠦᠬᠡᠨ ᠦᠨ᠎ᠡ ᠥᠷᠲᠡᠭ ᠢ ᠠᠭᠤᠳᠠᠯᠵᠤ᠂ ᠠᠵᠤ ᠦᠢᠯᠡᠳᠪᠦᠷᠢ ᠶᠢᠨ ᠥᠪ ᠢ ᠠᠰᠢᠭᠯᠠᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠨᠴᠠᠯᠢᠭᠲᠤ ᠵᠡᠭᠡᠯᠢ ᠲᠣᠭᠤᠷᠢᠭ᠂ ᠰᠤᠳᠤᠯᠤᠨ ᠰᠤᠷᠤᠯᠴᠠᠬᠤ ᠰᠠᠭᠤᠷᠢᠨ᠂ ᠰᠢᠨ᠎ᠡ ᠶᠢ ᠡᠭᠦᠳᠦᠨ ᠦᠢᠯᠡᠰ ᠪᠣᠰᠬᠠᠬᠤ ᠰᠠᠭᠤᠷᠢᠨ ᠵᠡᠷᠭᠡ ᠶᠢ ᠨᠡᠭᠡᠭᠡᠨ ᠬᠥᠭᠵᠢᠭᠦᠯᠵᠦ᠂ ᠵᠡᠭᠦᠨ ᠬᠤᠶᠢᠲᠤ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠲᠥᠷᠥᠯ ᠲᠡᠮᠳᠡᠭ ᠢ ᠬᠠᠮᠲᠤ ᠪᠠᠷ ᠪᠤᠢ ᠪᠤᠯᠭᠠᠨ᠎ᠠ᠃ ᠬᠠᠷ᠎ᠠ ᠬᠥᠷᠥᠰᠥᠲᠦ ᠭᠠᠵᠠᠷ᠂ ᠲᠣᠮᠣ ᠠᠮᠤ ᠶᠢᠨ ᠰᠠᠩ᠂ ᠲᠣᠮᠣ ᠣᠶ ᠰᠢᠭᠤᠢ᠂ ᠲᠣᠮᠣ ᠲᠠᠯ᠎ᠠ ᠨᠤᠲᠤᠭ ᠤᠨ ᠥᠪᠡᠷᠮᠢᠴᠡ ᠷᠢᠳᠢ ᠰᠢᠳᠢ ᠶᠢ ᠳᠣᠪᠤᠶᠢᠯᠭᠠᠵᠤ᠂ ᠨᠤᠲᠤᠭ ᠤᠨ ᠪᠠᠶᠢᠳᠠᠯ᠂ ᠠᠷᠠᠳ ᠤᠨ ᠵᠠᠩ ᠵᠠᠩᠰᠢᠯ ᠤᠨ ᠭᠦᠨ ᠵᠤᠵᠠᠭᠠᠨ ᠠᠭᠤᠯᠤᠭᠳᠠᠬᠤᠨ ᠳᠤ ᠲᠦᠰᠢᠭᠯᠡᠨ᠂ ᠲᠣᠰ ᠲᠣᠰ ᠤᠨ ᠣᠨᠴᠠᠯᠢᠭ ᠲᠠᠢ ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠵᠦ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠵᠢᠭᠤᠯᠴᠢᠯᠠᠯ ᠤᠨ ᠲᠥᠷᠥᠯ ᠲᠡᠮᠳᠡᠭ ᠢ ᠬᠠᠮᠲᠤ ᠪᠠᠷ ᠴᠣᠬᠴᠠᠯᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠬᠢᠯᠢ ᠶᠢᠨ ᠬᠤᠲᠠ᠂ ᠭᠠᠳᠠᠭᠠᠳᠤ ᠪᠣᠭᠤᠮᠲᠠ ᠪᠠ ᠬᠢᠯᠢ ᠶᠢᠨ ᠭᠤᠣᠯ ᠮᠥᠷᠡᠨ ᠤ ᠵᠠᠭᠠᠭ ᠱᠤᠭᠤᠮ ᠳᠤ ᠲᠦᠰᠢᠭᠯᠡᠨ᠂ ᠵᠡᠭᠦᠨ ᠬᠤᠶᠢᠲᠤ ᠠᠽᠢᠶ᠎ᠠ ᠶᠢᠨ ᠣᠯᠠᠨ ᠤᠯᠤᠰ ᠤᠨ ᠵᠢᠭᠤᠯᠴᠢᠯᠠᠯ ᠤᠨ ᠨᠡᠭᠡᠭᠡᠯᠲᠡ ᠬᠢᠵᠦ ᠬᠠᠮᠲᠤᠷᠠᠯᠴᠠᠬᠤ ᠰᠢᠨ᠎ᠡ ᠶᠢ ᠡᠭᠦᠳᠴᠦ᠂ ᠬᠢᠯᠢ ᠶᠢᠨ ᠵᠢᠭᠤᠯᠴᠢᠯᠠᠯ ᠪᠠ ᠬᠢᠯᠢ ᠠᠯᠤᠰᠯᠠᠭᠰᠠᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠦᠨ᠂ G331 ᠬᠢᠯᠢ ᠶᠢᠨ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠲᠥᠷᠥᠯ ᠲᠡᠮᠳᠡᠭ ᠢ ᠬᠠᠮᠲᠤ ᠪᠠᠷ ᠪᠤᠶ ᠪᠣᠯᠭᠠᠨ᠎ᠠ᠃      ᠵᠢᠭᠤᠯᠴᠢᠯᠠᠯ ᠬᠢᠭᠡᠳ ᠰᠣᠶᠣᠯ᠂ ᠠᠮᠢ ᠠᠬᠤᠢ᠂ ᠪᠡᠶ᠎ᠡ ᠶᠢᠨ ᠲᠠᠮᠢᠷ᠂ ᠡᠷᠡᠭᠦᠯᠵᠢᠯ ᠰᠤᠪᠢᠯᠠᠯᠲᠠ᠂ ᠠᠮᠲᠠᠲᠤ ᠢᠳᠡᠭᠡᠨ ᠵᠡᠷᠭᠡ ᠯᠦᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠤᠯᠠᠮᠵᠢᠯᠠᠯᠲᠤ ᠵᠢᠭᠤᠯᠴᠢᠯᠠᠯ ᠠᠴᠠ ᠣᠲᠣ ᠦᠶ᠎ᠡ ᠶᠢᠨ ᠵᠢᠭᠤᠯᠴᠢᠯᠠᠯ ᠤᠨ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠣᠶᠢᠯᠠᠭᠠᠯᠲᠠ ᠲᠡᠶᠢᠰᠢ ᠬᠥᠭᠵᠢᠬᠦ ᠶᠢ ᠲᠦᠷᠭᠡᠳᠬᠡᠨ᠎ᠡ᠃      ᠲᠠᠪᠤ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢᠨ ᠲᠡᠮᠳᠡᠭ ᠪᠠ ᠤᠬᠠᠭᠤᠯᠭ᠎ᠠ ᠶᠢᠨ ᠤᠷᠢᠶ᠎ᠠ ᠶᠢ ᠬᠠᠮᠲᠤᠪᠠᠷ ᠰᠤᠳᠤᠯᠤᠨ ᠭᠠᠷᠭᠠᠵᠤ᠂ ᠣᠷᠣᠨ ᠪᠦᠰᠡ ᠶᠢᠨ ᠵᠢᠭᠤᠯᠴᠢᠯᠠᠯ ᠤᠨ ᠢᠯᠭᠠᠨ ᠲᠠᠨᠢᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠬᠠᠮᠲᠤᠷᠠᠨ ᠤᠬᠠᠭᠤᠯᠤᠨ ᠳᠡᠯᠭᠡᠷᠡᠭᠦᠯᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠣᠶᠢᠯᠠᠭᠠᠭᠳᠠᠬᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠢᠨᠲ᠋ᠧᠷ ᠰᠦᠯᠵᠢᠶ᠎ᠡ ᠪᠠ ᠰᠢᠨ᠎ᠡ ᠵᠠᠭᠤᠴᠢᠯᠠᠭᠤᠷ ᠢᠶᠠᠷ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠠᠮᠲᠤᠷᠠᠨ ᠲᠠᠨᠢᠯᠴᠠᠭᠤᠯᠬᠤ ᠠᠵᠢᠯᠯᠠᠭ᠎ᠠ ᠶᠢ ᠡᠷᠭᠢᠯᠡᠵᠦ᠂ ᠣᠨᠴᠠᠯᠢᠭᠲᠤ ᠵᠢᠭᠤᠯᠴᠢᠯᠠᠯ ᠤᠨ ᠲᠥᠷᠥᠯ ᠲᠡᠮᠳᠡᠭ ᠢ ᠬᠠᠮᠵᠢᠯᠴᠠᠨ ᠭᠠᠷᠭᠠᠨ᠎ᠠ᠃ ᠬᠤᠲᠠ ᠶᠢᠨ ᠬᠤᠭᠤᠷᠣᠨᠳᠤ ᠪᠠᠨ ᠬᠠᠷᠢᠯᠴᠠᠨ ᠵᠢᠭᠤᠯᠴᠢᠯᠠᠯ ᠤᠨ ᠵᠤᠷᠢᠯᠳᠠᠳᠤ ᠭᠠᠵᠠᠷ ᠪᠠ ᠵᠣᠴᠢᠳ ᠤᠨ ᠢᠷᠡᠯᠲᠡ ᠶᠢᠨ ᠭᠠᠵᠠᠷ ᠪᠤᠯᠭᠠᠬᠤ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠵᠣᠴᠢᠳ ᠤᠨ ᠢᠷᠡᠯᠲᠡ ᠶᠢᠨ ᠵᠠᠬ᠎ᠠ ᠳᠡᠯᠭᠡᠭᠦᠷ ᠤᠨ ᠬᠠᠷᠢᠯᠴᠠᠨ ᠬᠥᠳᠡᠯᠦᠯᠴᠡᠬᠦ᠂ ᠵᠢᠭᠤᠯᠴᠢᠯᠠᠬᠰᠠᠳ ᠢ ᠬᠠᠷᠢᠯᠴᠠᠨ ᠬᠦᠷᠭᠡᠬᠦ ᠶᠢ ᠴᠢᠩᠭᠠᠳᠬᠠᠵᠤ᠂ ᠡᠬᠢ ᠪᠠᠶᠠᠯᠢᠭ ᠢ ᠬᠠᠷᠢᠯᠴᠠᠨ ᠨᠥᠬᠦᠪᠦᠷᠢᠯᠡᠬᠦ᠂ ᠵᠠᠬ᠎ᠠ ᠳᠡᠯᠭᠡᠭᠦᠷ ᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃      ᠣᠷᠣᠨ ᠪᠦᠰᠡ ᠶᠢᠨ ᠵᠢᠭᠤᠯᠴᠢᠯᠠᠯ ᠤᠨ ᠰᠣᠶᠣᠯ ᠤᠨ ᠣᠨᠴᠠᠯᠢᠭ ᠰᠢᠨᠵᠢ ᠶᠢ ᠬᠠᠮᠲᠤ ᠪᠠᠷ ᠪᠤᠶ ᠪᠤᠯᠭᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ᠂ ᠣᠮᠤᠭ ᠲᠡᠭᠦᠯᠳᠡᠷ ᠰᠢᠭᠤᠳ ᠰᠢᠯᠤᠭᠤᠨ᠂ ᠶᠣᠰᠣ ᠮᠣᠷᠠᠯ  ᠶᠣᠰᠣ  ᠰᠤᠷᠲᠠᠬᠤᠨ ᠲᠠᠢ᠂ ᠨᠠᠶᠢᠷ ᠵᠢᠷᠤᠮ ᠢ ᠬᠦᠨᠳᠦᠳᠬᠡᠳᠡᠭ ᠰᠢᠯᠢᠳᠡᠭ ᠵᠠᠩ ᠴᠢᠨᠠᠷ ᠪᠣᠯᠣᠨ ᠢᠯᠡ ᠲᠣᠳᠣ ᠬᠡᠪ ᠰᠤᠷᠲᠠᠯ ᠢ ᠥᠷᠭᠡᠨ ᠢᠶᠠᠷ ᠤᠬᠠᠭᠤᠯᠵᠤ᠂ ᠵᠣᠴᠢᠨ ᠢ ᠲᠡᠷᠢᠭᠦᠨ ᠳᠤ ᠲᠠᠯᠪᠢᠬᠤ᠂ ᠵᠣᠴᠢᠨ ᠢ ᠬᠦᠨᠳᠦᠳᠬᠡᠬᠦ᠂ ᠵᠣᠴᠢᠨ ᠲᠠᠢ ᠨᠠᠶᠢᠵᠠᠯᠠᠬᠤ᠂ ᠵᠣᠴᠢᠨ ᠢ ᠳᠣᠲᠣᠨᠣᠴᠢᠯᠠᠬᠤ ᠵᠣᠴᠢᠨᠰᠠᠭ ᠰᠡᠳᠬᠢᠯᠭᠡ ᠪᠣᠯᠣᠨ ᠵᠣᠴᠢᠨ ᠳᠠᠶᠢᠯᠠᠬᠤ ᠶᠣᠰᠣ ᠶᠢ ᠶᠡᠭᠡ ᠪᠠᠷ ᠪᠠᠳᠠᠷᠠᠭᠤᠯᠵᠤ᠂ ᠲᠡᠦᠬᠡ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠬᠢᠭᠡᠳ ᠪᠠᠶᠢᠭᠠᠯᠢ ᠭᠠᠵᠠᠷ ᠵᠦᠢ ᠶᠢᠨ ᠭᠤᠸ᠎ᠠ ᠰᠠᠶᠢᠬᠠᠨ᠂ ᠬᠥᠭᠵᠢᠯᠲᠡ ᠪᠠᠳᠠᠷᠠᠯ ᠤᠨ ᠭᠤᠸ᠎ᠠ ᠰᠠᠶᠢᠬᠠᠨ ᠢ ᠬᠠᠷᠢᠯᠴᠠᠨ ᠳᠣᠪᠤᠶᠢᠯᠭᠠᠬᠤ ᠬᠡᠷᠡᠭᠲᠡᠢ᠃      ᠵᠢᠷᠭᠤᠭ᠎ᠠ᠂ ᠵᠢᠭᠤᠯᠴᠢᠯᠠᠯ  ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠮᠤᠵᠢ ᠶᠢᠨ ᠬᠤᠭᠤᠷᠤᠨᠳᠤᠭᠢ ᠬᠥᠷᠰᠢ ᠵᠡᠷᠭᠡᠯᠡᠳᠡᠭᠡ ᠣᠷᠣᠨ ᠤ ᠵᠤᠯᠭᠠᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠮᠤᠵᠢ ᠶᠢᠨ ᠬᠤᠭᠤᠷᠤᠨᠳᠤᠭᠢ ᠵᠢᠭᠤᠯᠴᠢᠯᠠᠯ ᠤᠨ ᠵᠠᠮ ᠬᠠᠷᠢᠯᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠠᠪᠲᠠᠷᠡᠭᠦᠯᠵᠦ᠂ ᠭᠤᠣᠯᠯᠠᠭᠴᠢ ᠵᠠᠮ ᠱᠤᠭᠤᠮ ᠤᠨ ᠵᠤᠯᠭᠠᠯᠴᠠᠭ᠎ᠠ ᠶᠢ ᠴᠢᠩᠭᠠᠳᠬᠠᠵᠤ᠂ ᠭᠠᠵᠠᠷ ᠣᠷᠣᠨ ᠬᠤᠯᠪᠣᠯᠳᠤᠨ ᠨᠡᠪᠲᠡᠷᠡᠭᠰᠡᠨ᠂ ᠪᠦᠭᠦ ᠤᠯᠤᠰ ᠲᠤ ᠨᠡᠪᠲᠡᠷᠡᠭᠰᠡᠨ ᠥᠨᠳᠥᠷ ᠬᠤᠷᠳᠤᠴᠠᠲᠤ ᠠᠶᠠᠨᠴᠢᠳ ᠤᠨ ᠲᠡᠭᠡᠭᠡᠪᠦᠷᠢ ᠶᠢᠨ ᠲᠣᠣᠷ ᠢ ᠪᠦᠷᠢᠯᠳᠦᠭᠦᠯᠦᠨ᠎ᠡ᠃ ᠨᠥᠬᠦᠴᠡᠯ ᠳᠤ ᠨᠡᠶᠢᠴᠡᠬᠦ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠭᠠᠵᠠᠷ ᠵᠢᠭᠤᠯᠴᠢᠯᠠᠯ ᠤᠨ ᠯᠠᠪᠯᠠᠭ᠎ᠠ᠂ ᠲᠥᠪᠯᠡᠷᠡᠭᠦᠯᠵᠦ ᠲᠠᠷᠬᠠᠭᠠᠬᠤ ᠪᠠ ᠦᠢᠯᠡᠴᠢᠯᠡᠭᠡᠨ ᠤ ᠲᠥᠬᠦᠭᠡᠷᠦᠮᠵᠢ ᠶᠢ ᠲᠥᠭᠦᠷᠵᠢᠭᠦᠯᠦᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠣᠨᠴᠠᠯᠢᠭᠲᠤ ᠭᠤᠣᠯ ᠰᠡᠳᠦᠪᠲᠦ ᠦᠢᠯᠡᠴᠢᠯᠡᠭᠡᠨ ᠤ ᠲᠣᠭᠤᠷᠢᠭ ᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃      ᠳᠣᠯᠤᠭ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ᠠᠵᠢᠯ ᠢᠶᠠᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠵᠢᠭᠤᠯᠴᠢᠯᠠᠯ ᠤᠨ ᠭᠡᠷ᠎ᠡ ᠶᠢ ᠨᠢᠭᠡᠳᠦᠯᠲᠡᠢ ᠵᠢᠷᠤᠮᠵᠢᠭᠤᠯᠤᠨ᠂ ᠮᠤᠵᠢ ᠶᠢᠨ ᠬᠤᠭᠤᠷᠣᠨᠳᠣᠭᠢ ᠢᠯᠡᠴᠢᠯᠡᠨ ᠮᠡᠳᠡᠭᠦᠯᠵᠦ ᠵᠠᠭᠠᠯᠳᠤᠬᠤ ᠶᠢ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠬᠡᠷᠡᠭ ᠢ ᠬᠠᠮᠲᠤᠷᠠᠨ ᠪᠠᠶᠢᠴᠠᠭᠠᠨ ᠰᠢᠢᠳᠪᠦᠷᠢᠯᠡᠬᠦ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠮᠲᠤᠷᠠᠭᠰᠠᠨ ᠪᠣᠯᠪᠠᠰᠤᠷᠠᠯ ᠢ ᠴᠢᠩᠭᠠᠳᠬᠠᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠲᠤᠷᠠᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠨᠠᠢᠮᠠ᠂ ᠵᠢᠭᠤᠯᠴᠢᠯᠠᠯ ᠤᠨ ᠪᠠᠷᠢᠮᠵᠢᠶ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠭᠤᠣᠯᠳᠠᠯᠭ᠎ᠠ ᠲᠠᠢ ᠬᠦᠷᠢᠶᠡᠨ ᠳᠠᠬᠢ ᠪᠠᠷᠢᠮᠵᠢᠶᠠᠵᠢᠭᠰᠠᠨ ᠬᠠᠮᠲᠤᠷᠠᠯᠴᠠᠭ᠎ᠠ ᠶᠢ ᠴᠢᠩᠭᠠᠳᠬᠠᠨ᠂ ᠵᠢᠭᠤᠯᠴᠢᠯᠠᠯ ᠤᠨ ᠰᠢᠨ᠎ᠡ ᠦᠢᠯᠡᠳᠬᠦᠨ ᠰᠢᠨ᠎ᠡ ᠡᠵᠡᠩᠨᠡᠯᠲᠡ ᠶᠢᠨ ᠭᠡᠯᠪᠡᠷᠢ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠦᠨᠡᠯᠡᠯᠲᠡ ᠵᠡᠷᠭᠡ ᠬᠦᠷᠢᠶᠡᠨ ᠳᠠᠬᠢ ᠪᠠᠷᠢᠮᠵᠢᠶ᠎ᠠ ᠶᠢ ᠬᠠᠷᠢᠯᠴᠠᠨ ᠮᠡᠳᠡᠷᠡᠬᠦ ᠶᠢ ᠠᠬᠢᠭᠤᠯᠵᠤ᠂ ᠨᠢᠭᠡᠳᠦᠯᠲᠡᠢ ᠪᠥᠭᠡᠳ ᠨᠡᠭᠡᠭᠡᠯᠲᠡᠲᠡᠢ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠤᠨ᠎ᠠ᠃      ᠶᠢᠰᠦ᠂ ᠵᠢᠭᠤᠯᠴᠢᠯᠠᠯ ᠤᠨ ᠠᠵᠢᠯ  ᠲᠥᠷᠥᠯ ᠤᠨ ᠢᠲᠡᠭᠡᠮᠵᠢ ᠶᠢᠨ ᠰᠢᠰᠲ᠋ᠧᠮ ᠢ ᠬᠠᠮᠲᠤ ᠪᠠᠷ ᠪᠠᠶᠢᠭᠤᠯᠵᠤ᠂ ᠣᠷᠣᠨ ᠪᠦᠰᠡ ᠶᠢᠨ ᠢᠲᠡᠭᠡᠮᠵᠢ ᠶᠢᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠴᠢᠨᠠᠷᠲᠠᠢ ᠵᠢᠭᠤᠯᠴᠢᠯᠠᠯ ᠤᠨ ᠦᠢᠯᠡᠰ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠲᠠᠪᠴᠠᠩ ᠢ ᠪᠠᠶᠢᠭᠤᠯᠵᠤ᠂ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ ᠰᠡᠷᠭᠦᠭᠡᠬᠦ ᠶᠢ ᠬᠠᠤᠯᠢ ᠶᠣᠰᠣᠭᠠᠷ ᠠᠬᠢᠭᠤᠯᠵᠤ᠂ ᠵᠢᠭᠤᠯᠴᠢᠯᠠᠯ ᠤᠨ ᠢᠲᠡᠭᠡᠮᠵᠢ ᠶᠢᠨ ᠲᠥᠷᠥᠯ ᠲᠡᠮᠳᠡᠭ ᠢ ᠬᠠᠮᠲᠤ ᠪᠠᠷ ᠪᠤᠶ ᠪᠣᠯᠭᠠᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃      ᠠᠷᠪᠠ᠂ ᠣᠶᠤᠨᠴᠢ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠬᠠᠮᠲᠤ ᠪᠠᠷ ᠪᠠᠶᠢᠭᠤᠯᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠬᠦ ᠶᠢ ᠴᠢᠩᠭᠠᠳᠬᠠᠨ᠂ ᠶᠠᠪᠤᠵᠤ ᠰᠠᠭᠤᠬᠤ᠂ ᠬᠤᠨᠣᠵᠤ ᠬᠡᠪᠲᠡᠬᠦ᠂ ᠦᠵᠡᠮᠵᠢ ᠶᠢᠨ ᠣᠷᠣᠨ᠂ ᠢᠳᠡᠭᠡᠨ ᠤᠮᠳᠠᠭᠠᠨ ᠵᠡᠷᠭᠡ ᠡᠯ᠎ᠡ ᠵᠦᠢᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠰᠦᠯᠵᠢᠶᠡᠨ ᠳᠡᠭᠡᠷᠡᠬᠢ ︽ᠢᠳᠡᠭᠡᠨ ᠤᠮᠳᠠᠭᠠᠨ ᠬᠤᠨᠤᠭ ᠪᠠᠭᠤᠳᠠᠯ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠭ᠎ᠠ ᠬᠢᠬᠦ ᠵᠤᠭ᠎ᠠ ᠴᠡᠩᠭᠡᠯ︾ ᠵᠡᠷᠭᠡ ᠠᠦ᠋ᠲ᠋ᠣ᠋ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠦᠨ᠂ ᠣᠶᠤᠨᠴᠢ ᠵᠢᠭᠤᠯᠴᠢᠯᠠᠯ ᠤᠨ ᠲᠠᠪᠴᠠᠩ ᠤᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ᠣᠷᠣᠨ ᠪᠦᠰᠡ ᠶᠢᠨ ᠵᠢᠭᠤᠯᠴᠢᠯᠠᠯ ᠤᠨ ︽ᠨᠢᠭᠡ ᠺᠣᠳ᠋ ᠢᠶᠠᠷ ᠨᠡᠪᠲᠡᠷᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠵᠢᠭᠤᠯᠴᠢᠯᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ᠂ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃      ᠠᠷᠪᠠᠨ ᠨᠢᠭᠡ᠂ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠬᠠᠮᠲᠤ ᠪᠠᠷ ᠪᠠᠶᠢᠭᠤᠯᠵᠤ᠂ ᠲᠣᠮᠣ ᠳ᠋ᠠᠶᠢᠲ᠋ᠠ ᠳᠤ ᠰᠠᠭᠤᠷᠢᠯᠠᠭᠰᠠᠨ ᠵᠢᠭᠤᠯᠴᠢᠯᠠᠯ ᠤᠨ ᠠᠮᠤᠷ ᠲᠦᠪᠰᠢᠨ ᠤ ᠰᠡᠷᠡᠮᠵᠢᠯᠡᠭᠦᠯᠭᠦ ᠲᠣᠭᠲᠠᠴᠠ ᠪᠠ ᠬᠠᠮᠢᠶᠠᠷᠤᠨ ᠡᠵᠡᠮᠳᠡᠬᠦ ᠲᠠᠪᠴᠠᠩ ᠢ ᠪᠠᠶᠢᠭᠤᠯᠵᠤ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠢ ᠰᠤᠳᠤᠯᠤᠨ ᠮᠠᠭᠠᠳᠯᠠᠬᠤ ᠪᠠ ᠦᠵᠡᠮᠵᠢ ᠶᠢᠨ ᠣᠷᠣᠨ ᠤ ᠠᠶᠠᠨᠴᠢᠳ ᠤᠨ ᠤᠷᠤᠰᠬᠠᠯ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠴᠢᠬᠤᠯᠠ ᠶᠡᠭᠡ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃      ᠠᠷᠪᠠᠨ ᠬᠤᠶᠠᠷ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠮᠲᠤᠷᠠᠯᠴᠠᠭ᠎ᠠ ᠬᠢᠭᠡᠳ ᠰᠣᠯᠢᠯᠴᠠᠭᠠᠨ ᠤ ᠲᠠᠪᠴᠠᠩ ᠢ ᠬᠠᠮᠲᠤ ᠪᠠᠷ ᠪᠠᠶᠢᠭᠤᠯᠵᠤ᠂ ᠵᠢᠭᠤᠯᠴᠢᠯᠠᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠬᠤ ᠶᠢ ᠳᠡᠮᠵᠢᠵᠦ᠂ ᠡᠯ᠎ᠡ ᠲᠥᠷᠥᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠣᠨ ᠪᠦᠰᠡ ᠶᠢᠨ ᠵᠢᠭᠤᠯᠴᠢᠯᠠᠯ ᠤᠨ ᠠᠵᠢᠯ ᠲᠥᠷᠥᠯ ᠤᠨ ᠬᠤᠯᠪᠤᠭ᠎ᠠ ᠪᠠᠶᠢᠭᠤᠯᠬᠤ ᠶᠢ ᠵᠣᠷᠢᠭᠵᠢᠭᠤᠯᠵᠤ᠂ ᠡᠵᠡᠩᠨᠡᠯᠲᠡ ᠬᠠᠮᠢᠶᠠᠷᠤᠯᠲᠠ᠂ ᠲᠥᠷᠥᠯ ᠵᠦᠢᠯ ᠤᠨ ᠣᠷᠣᠭᠤᠯᠤᠯᠲᠠ ᠠᠭᠢᠭᠤᠯᠤᠯᠲᠠ᠂ ᠠᠵᠢᠯ ᠲᠥᠷᠥᠯ ᠤᠨ ᠪᠠᠷᠢᠮᠵᠢᠶ᠎ᠠ ᠲᠣᠭᠲᠠᠭᠠᠬᠤ᠂ ᠴᠢᠳᠠᠪᠤᠷᠢᠲᠠᠨ ᠬᠥᠮᠥᠵᠢᠭᠦᠯᠬᠦ᠂ ᠤᠬᠠᠭᠤᠯᠤᠨ ᠳᠡᠯᠭᠡᠷᠡᠭᠦᠯᠬᠦ  ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠦᠨ᠎ᠡ᠃      ᠠᠷᠪᠠᠨ ᠭᠤᠷᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠲᠠᠢ ᠨᠢᠭᠲᠠ ᠬᠠᠮᠵᠢᠯᠴᠠᠵᠤ᠂ ᠲᠤᠰ ᠲᠣᠭᠲᠠᠭᠠᠯ ᠢ ᠦᠨᠳᠦᠰᠦᠯᠡᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠢ ᠬᠠᠮᠵᠢᠯᠴᠠᠨ ᠬᠥᠭᠵᠢᠭᠦᠯᠬᠦ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃      ᠠᠷᠪᠠᠨ ᠳᠥᠷᠪᠡ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠳᠤ ᠠᠰᠢᠭᠲᠠᠢ ᠬᠠᠤᠯᠢᠵᠢᠯ ᠤᠨ ᠣᠷᠴᠢᠨ ᠨᠥᠬᠦᠴᠡᠯ ᠢ ᠡᠭᠦᠳᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠠᠴᠠ ᠵᠢᠭᠤᠯᠴᠢᠯᠠᠯ ᠤᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠠᠭᠠᠨ᠂ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ  ᠯᠤᠭ᠎ᠠ ᠶᠢᠨ ᠨᠡᠪᠲᠡᠷᠡᠯᠴᠡᠭᠡ ᠬᠢᠭᠡᠳ ᠵᠥᠪᠳᠡᠯᠴᠡᠭᠡ ᠪᠠᠨ ᠴᠢᠩᠭᠠᠳᠬᠠᠵᠤ᠂ ᠳᠦᠷᠢᠮ ᠲᠣᠭᠲᠠᠴᠠ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠬᠠᠷᠢᠯᠴᠠᠨ ᠵᠣᠬᠢᠴᠠᠯᠳᠤᠬᠤ ᠶᠢ ᠠᠬᠢᠭᠤᠯᠬᠤ ᠬᠡᠷᠡᠭᠲᠡᠢ᠃      ᠠᠷᠪᠠᠨ ᠲᠠᠪᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠯᠤᠭ᠎ᠠ ᠠᠵᠢᠯ ᠤᠨ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃      ᠠᠷᠪᠠᠨ ᠵᠢᠷᠭᠤᠭ᠎ᠠ᠂ ᠲᠤᠰ ᠲᠣᠭᠲᠠᠭᠠᠯ ᠢ 2024 ᠣᠨ ᠤ 7 ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号