ᠯᠢ ᠴᠢᠶᠠᠩ 2024 ᠣᠨ ᠤ ᠵᠤᠨ ᠤ ᠤᠯᠠᠷᠢᠯ ᠤᠨ ᠳ᠋ᠠᠸᠦᠰ ᠤᠨ ᠶᠠᠷᠢᠶᠠᠨ ᠤ ᠲᠠᠪᠴᠠᠩ ᠤᠨ ᠭᠠᠳᠠᠭᠠᠳᠤ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/6/27
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ ᠳ᠋ᠠᠯᠢᠶᠠᠨ ᠳᠤ 2024 ᠣᠨ ᠤ ᠵᠤᠨ ᠤ ᠤᠯᠠᠷᠢᠯ ᠤᠨ ᠳ᠋ᠠᠸᠦᠰ ᠤᠨ ᠶᠠᠷᠢᠶᠠᠨ ᠤ ᠲᠠᠪᠴᠠᠩ ᠤᠨ ᠭᠠᠳᠠᠭᠠᠳᠤ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ᠃
    ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠳᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ ᠤᠨ ᠠᠮᠵᠢᠯᠲᠠ ᠬᠢᠭᠡᠳ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠨᠢᠭᠲᠠ ᠬᠠᠷᠢᠯᠴᠠᠭ᠎ᠠ ᠲᠠᠢ ᠶᠤᠮ᠃ ᠳᠤᠮᠳᠠᠳᠤ ᠤᠯᠤᠰ ᠤᠨ ᠠᠵᠤ ᠠᠬᠤᠢ ᠶᠢᠨ ᠲᠠᠰᠤᠷᠠᠯᠲᠠ ᠦᠭᠡᠢ ᠰᠠᠶᠢᠵᠢᠷᠠᠯᠲᠠ ᠪᠠ ᠤᠷᠲᠤ ᠬᠤᠭᠤᠴᠠᠭᠠᠨ ᠤ ᠰᠠᠶᠢᠨ ᠬᠠᠨᠳᠤᠰᠢ᠂ ᠳᠤᠮᠳᠠᠳᠤ ᠤᠯᠤᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠪᠠ ᠭᠦᠨᠵᠡᠭᠡᠢ ᠬᠤᠪᠢᠰᠤᠯᠲᠠ ᠪᠦᠬᠦᠨ   ᠨᠢ ᠡᠯ᠎ᠡ ᠤᠯᠤᠰ ᠤᠨ ᠠᠵᠤ ᠠᠬᠤᠶᠢᠯᠠᠯ ᠤᠳ ᠤᠨ ᠥᠰᠦᠯᠲᠡ ᠳᠤ ᠰᠢᠨ᠎ᠡ ᠠᠭᠤᠵᠢᠮ ᠣᠷᠣᠨ ᠵᠠᠢ ᠬᠠᠩᠭᠠᠬᠤ ᠨᠢ ᠯᠠᠪᠲᠠᠢ ᠶᠤᠮ ᠭᠡᠵᠡᠢ᠃      ᠯᠢ ᠴᠢᠶᠠᠩ ᠣᠳᠣᠬᠠᠨ ᠤ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠲᠡᠷᠡ ᠪᠠᠷ᠂ ᠪᠢᠳᠡ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠳᠠᠪᠠᠭᠤ ᠶᠢ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠰᠥᠷᠭᠡᠦ ᠦᠶᠡᠯᠡᠯ ᠤᠨ ᠬᠤᠭᠤᠴᠠᠭ᠎ᠠ ᠪᠠ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠪᠠᠨ ᠴᠢᠩᠭᠠᠷᠠᠭᠤᠯᠤᠨ᠂ ᠣᠳᠣ ᠳᠤ ᠰᠠᠭᠤᠷᠢᠯᠠᠨ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠳᠤᠮᠳᠠᠬᠢ ᠲᠣᠪᠣᠶᠢᠮ᠎ᠠ ᠵᠥᠷᠢᠴᠡᠯ ᠪᠠ ᠠᠰᠠᠭᠤᠳᠠᠯ ᠤᠳ ᠢ ᠰᠢᠢᠳᠪᠦᠷᠢᠯᠡᠨ ᠠᠵᠤ ᠠᠬᠤᠢ ᠶᠢᠨ ᠰᠠᠶᠢᠵᠢᠷᠠᠯᠲᠠ ᠰᠠᠶᠢᠨ ᠬᠠᠨᠳᠤᠰᠢ ᠶᠢ ᠪᠠᠬᠢᠵᠢᠭᠦᠯᠬᠦ ᠪᠠ ᠴᠢᠩᠭᠠᠳᠬᠠᠬᠤ ᠪᠠᠷ ᠦᠯᠦ ᠪᠠᠷᠠᠮ ᠠᠯᠤᠰ ᠢ ᠬᠠᠷᠠᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠤᠳ ᠢ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠭᠦᠯᠦᠨ ᠳᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠨᠥᠭᠡᠴᠡ ᠬᠦᠴᠦᠨ ᠢᠶᠠᠨ ᠴᠢᠩᠭᠠᠳᠬᠠᠨ᠎ᠠ᠃ ᠡᠳᠡᠭᠡᠷ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠤᠳ ᠤᠨ ᠦᠷ᠎ᠡ ᠪᠦᠲᠦᠮᠵᠢ ᠣᠳᠣ ᠶᠠᠭ ᠢᠯᠡᠷᠡᠵᠦ ᠪᠠᠶᠢᠨ᠎ᠠ᠃ ᠪᠢᠳᠡᠨ ᠳᠤ ᠪᠦᠬᠦ ᠵᠢᠯ ᠤᠨ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠢᠲᠡᠭᠡᠯ ᠪᠠᠶᠢᠨ᠎ᠠ᠂ ᠮᠥᠨ ᠪᠢᠳᠡᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠤᠷᠲᠤ ᠬᠤᠭᠤᠴᠠᠭᠠᠨ ᠤ ᠰᠠᠶᠢᠨ ᠬᠠᠨᠳᠤᠰᠢ ᠶᠢ ᠪᠠᠲᠤᠯᠠᠵᠤ ᠴᠢᠳᠠᠬᠤ ᠴᠢᠳᠠᠪᠤᠷᠢ ᠪᠤᠢ ᠬᠡᠮᠡᠨ ᠵᠢᠭᠠᠵᠤ ᠭᠠᠷᠭᠠᠵᠠᠢ᠃          ᠯᠢ ᠴᠢᠶᠠᠩ᠂ ᠠᠵᠤ ᠠᠬᠤᠢ ᠶᠢ ᠬᠥᠭᠵᠢᠭᠦᠯᠬᠦ ᠳᠤ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠡᠨᠡ ᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠᠷ ᠠᠵᠤ ᠦᠢᠯᠡᠰ ᠤᠨ ᠰᠢᠨᠡᠴᠢᠯᠡᠯᠲᠡ ᠶᠢ ᠳᠠᠭᠠᠭᠤᠯᠬᠤ ᠶᠢ ᠴᠢᠬᠤᠯᠠᠴᠢᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠲᠠᠯ᠎ᠠ ᠪᠠᠷ ᠰᠢᠨ᠎ᠡ ᠨᠢᠭᠡ ᠡᠭᠡᠯᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠬᠢᠭᠡᠳ ᠠᠵᠤ ᠦᠢᠯᠡᠰ ᠤᠨ ᠬᠤᠪᠢᠰᠤᠯᠲᠠ ᠶᠢᠨ ᠶᠡᠭᠡ ᠬᠠᠨᠳᠤᠰᠢ ᠳᠤ ᠵᠣᠬᠢᠴᠠᠭᠤᠯᠤᠨ᠂ ᠢᠷᠡᠭᠡᠳᠦᠢ ᠶᠢᠨ ᠬᠡᠷᠡᠭᠴᠡᠭᠡ ᠪᠠ ᠤᠯᠤᠰ ᠣᠷᠣᠨ ᠤ ᠳᠠᠪᠠᠭᠤᠯᠢᠭ ᠢ ᠤᠶᠠᠯᠳᠤᠭᠤᠯᠵᠤ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠨ ᠴᠢᠩᠭᠠᠳᠬᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠪᠠ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠂ ᠲᠡᠷᠢᠭᠦᠨ ᠤ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠡᠷᠴᠢᠮᠯᠡᠵᠦ ᠬᠡᠯᠪᠡᠷᠢ ᠶᠢ   ᠨᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠦᠨ᠎ᠡ᠃ ᠨᠥᠭᠦᠭᠡ ᠲᠠᠯ᠎ᠠ ᠪᠠᠷ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠬᠤ ᠶᠢᠨ ᠳᠠᠭᠠᠤ ᠥᠷᠢᠰᠦᠯᠳᠦᠭᠡᠨ ᠤ ᠳᠠᠪᠠᠭᠤᠯᠢᠭ ᠢ ᠪᠤᠢ ᠪᠣᠯᠭᠠᠨ᠎ᠠ᠃ ᠳᠣᠮᠲᠠᠲᠤ ᠤᠯᠤᠰ ᠤᠨ ᠦᠢᠯᠡᠳᠬᠦᠨ ᠤᠳ ᠥᠷᠢᠰᠦᠯᠳᠦᠬᠦ ᠬᠦᠴᠦᠨ  ᠲᠠᠢ ᠪᠠᠶᠢᠭ᠎ᠠ ᠨᠢ ︽ᠨᠥᠬᠦᠵᠦ︾ ᠭᠠᠷᠭᠠᠭᠰᠠᠨ ᠪᠢᠰᠢ᠂  ᠪᠠᠲᠤᠯᠠᠵᠤ︾ ᠭᠠᠷᠭᠠᠭᠰᠠᠨ ᠴᠤ ᠪᠢᠰᠢ᠂ ᠬᠠᠷᠢᠨ ᠭᠠᠳᠠᠭᠠᠳᠤ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠲᠥᠷᠥᠯ ᠤᠨ ᠠᠵᠤ ᠠᠬᠤᠶᠢᠯᠠᠯ ᠤᠳ ᠤᠨ ᠲᠥᠪ ᠭᠤᠣᠯᠴᠢ ᠥᠷᠢᠰᠦᠯᠳᠦᠭᠡᠨ ᠤ ᠳᠤᠮᠳᠠ ᠠᠯᠬᠤᠮ ᠠᠯᠬᠤᠮ ᠢᠶᠠᠷ ᠲᠡᠮᠡᠴᠡᠵᠦ᠂ ᠠᠵᠢᠯᠯᠠᠵᠤ ᠭᠠᠷᠭᠠᠭᠰᠠᠨ ᠠᠴᠠ ᠶᠤᠮ᠃ ᠪᠢᠳᠡ ᠳᠤᠷᠠᠲᠠᠶ᠎ᠠ ᠡᠯ᠎ᠡ ᠤᠯᠤᠰ ᠤᠨ ᠠᠵᠤ ᠠᠬᠤᠶᠢᠯᠠᠯ ᠤᠳ ᠲᠠᠢ ᠬᠠᠮᠲᠤᠷᠠᠨ ᠴᠢᠷᠮᠠᠶᠢᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠰᠢᠨᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ ᠬᠡᠮᠡᠨ ᠵᠢᠭᠠᠵᠤ ᠭᠠᠷᠭᠠᠪᠠ᠃      ᠯᠢ ᠴᠢᠶᠠᠩ᠂ ᠠᠵᠤ ᠠᠬᠤᠢ ᠶᠢᠨ ᠠᠮᠢᠵᠢᠷᠠᠯ ᠤᠨ ᠬᠦᠴᠦᠨ ᠬᠢᠷᠢ ᠵᠡᠷᠭᠡ ᠪᠠᠶᠢᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠠᠴᠠ ᠰᠢᠯᠲᠠᠭᠠᠯᠠᠭᠳᠠᠨ᠎ᠠ᠃ ᠪᠢᠳᠡ ᠵᠢᠱᠢᠯᠲᠡ ᠪᠠᠨ ᠰᠠᠶᠢᠵᠢᠷᠠᠭᠤᠯᠬᠤ᠂ ᠢᠲᠡᠭᠡᠯ ᠵᠣᠷᠢᠭ ᠢᠶᠠᠨ ᠬᠥᠪᠴᠢᠯᠡᠬᠦ ᠠᠴᠠ ᠭᠠᠷᠳᠠᠨ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠪᠦᠷᠢᠯᠳᠦᠭᠦᠯᠬᠦ ᠶᠢ ᠪᠠᠷᠢᠮᠲᠠᠯᠠᠵᠤ᠂ ᠶᠡᠭᠡ ᠬᠦᠴᠦ ᠵᠠᠷᠤᠴᠠᠭᠤᠯᠤᠨ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠪᠠᠶᠢᠭᠤᠯᠬᠤ ᠶᠢ ᠠᠬᠢᠭᠤᠯᠤᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠪᠢᠳᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠵᠦ᠂ ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠢᠶᠠᠨ ᠴᠢᠨᠠᠭᠰᠢᠳᠠ ᠤᠯᠠᠮ ᠠᠭᠤᠵᠢᠭᠤ ᠲᠠᠯᠪᠢᠵᠤ᠂ ᠭᠠᠳᠠᠭᠠᠳᠤ ᠪᠡᠯᠡ ᠶᠢᠨ ᠦᠢᠯᠡᠳᠬᠦ ᠦᠢᠯᠡᠰ ᠤᠨ ᠬᠦᠷᠢᠶᠡᠨ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠬᠤ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠦᠷᠢᠮ ᠤᠨ ᠬᠡᠯᠪᠡᠷᠢᠲᠦ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠡᠯ᠎ᠡ ᠤᠯᠤᠰ ᠤᠨ ᠪᠡᠯᠡ ᠣᠷᠣᠭᠤᠯᠤᠭᠴᠢᠳ ᠲᠤ ᠨᠠᠩ ᠣᠯᠠᠨ ᠠᠵᠠ ᠲᠣᠬᠢᠶᠠᠯ᠂ ᠨᠠᠩ ᠰᠠᠶᠢᠨ ᠣᠷᠴᠢᠨ ᠨᠥᠬᠦᠴᠡᠯ ᠢ ᠬᠠᠩᠭᠠᠨ᠎ᠠ᠃ ᠡᠯ᠎ᠡ ᠤᠯᠤᠰ ᠤᠨ ᠠᠵᠤ ᠠᠬᠤᠶᠢᠯᠠᠯᠲᠠᠳ ᠤᠨ ᠠᠵᠤ ᠠᠬᠤᠢ ᠶᠢᠨ ᠳᠡᠯᠡᠬᠡᠶᠢᠴᠢᠯᠡᠯᠲᠡ ᠪᠠ ᠴᠢᠯᠦᠭᠡᠲᠦ ᠠᠷᠠᠯᠵᠢᠶ᠎ᠠ ᠶᠢ ᠡᠷᠡᠰ ᠳᠡᠮᠵᠢᠬᠦ ᠶᠢ ᠬᠦᠰᠡᠵᠦ ᠪᠠᠶᠢᠨ᠎ᠠ᠃ ᠲᠠ ᠨᠠᠷ ᠤᠨ ᠳᠤᠮᠳᠠᠳᠤ ᠤᠯᠤᠰ ᠲᠤ ᠪᠡᠯᠡ ᠣᠷᠣᠭᠤᠯᠵᠤ᠂ ᠳᠤᠮᠳᠠᠳᠤ ᠤᠯᠤᠰ ᠲᠤ ᠬᠥᠭᠵᠢᠵᠦ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠬᠦᠷᠲᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ ᠬᠡᠮᠡᠨ ᠴᠢᠬᠤᠯᠠᠴᠢᠯᠠᠭᠰᠠᠨ ᠪᠠᠶᠢᠨ᠎ᠠ᠃      ᠶᠠᠷᠢᠯᠴᠠᠬᠤ ᠬᠤᠷᠠᠯ ᠢ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠲᠡᠷᠢᠭᠦᠯᠡᠭᠴᠢ ᠱᠸᠠᠪ ᠡᠷᠭᠢᠯᠡᠵᠦ᠂ 40 ᠰᠢᠬᠠᠮ ᠤᠯᠤᠰ ᠪᠠ ᠭᠠᠵᠠᠷ ᠣᠷᠣᠨ ᠤ 200 ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠣᠷᠣᠯᠴᠠᠵᠠᠢ᠃ ᠬᠤᠷᠠᠯ ᠳᠤ ᠣᠷᠣᠯᠴᠠᠭᠰᠠᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠶᠠᠷᠢᠶ᠎ᠠ ᠲᠠᠯᠪᠢᠭᠰᠠᠨ ᠪᠥᠭᠡᠳ ᠰᠠᠨᠠᠭᠤᠯᠭ᠎ᠠ ᠳᠤᠷᠠᠳᠴᠤ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠣᠯᠣᠭᠰᠠᠨ ᠯᠤᠲᠤ ᠶᠡᠭᠡ ᠠᠮᠵᠢᠯᠲᠠ ᠶᠢ ᠭᠡᠷᠡᠴᠢᠯᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠬᠤᠳᠠᠯᠳᠤᠭᠠᠨ ᠤ ᠣᠷᠴᠢᠨ ᠨᠥᠬᠦᠴᠡᠯ ᠢᠶᠠᠨ ᠰᠠᠶᠢᠵᠢᠷᠠᠭᠤᠯᠬᠤ ᠳᠤ ᠭᠠᠷᠭᠠᠭᠰᠠᠨ ᠴᠢᠷᠮᠠᠶᠢᠯᠭ᠎ᠠ ᠶᠢ   ᠨᠢ ᠱᠠᠭᠰᠢᠨ᠂ ᠳᠤᠮᠳᠠᠳᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠨ ᠬᠥᠭᠵᠢᠭᠦᠯᠬᠦ ᠶᠢ   ᠨᠢ ᠳᠡᠮᠵᠢᠬᠦ ᠮᠥᠷᠲᠡᠭᠡᠨ ᠢᠳᠡᠪᠬᠢᠲᠡᠢ ᠣᠷᠣᠯᠴᠠᠨ᠂ ᠳᠤᠮᠳᠠᠳᠤ ᠤᠯᠤᠰ ᠲᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号