ᠠᠶᠤᠯᠭᠦᠢ ᠦᠢᠯᠡᠳᠪᠦᠷᠢᠯᠡᠯ ᠤᠨ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠶ᠎ᠠ - ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/28
     2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠶᠢᠨ ᠰᠠᠶᠢᠬᠠᠨ ᠠᠶᠤᠯᠭᠦᠢ ᠦᠢᠯᠡᠳᠪᠦᠷᠢᠯᠡᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠤᠷᠤᠭᠰᠢᠲᠠᠢ ᠡᠬᠢᠯᠡᠪᠡ᠃
     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠠᠩᠭᠢ ᠣᠷᠣᠯᠴᠠᠵᠤ᠂ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ - ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠭᠡᠬᠦ ᠭᠤᠣᠯ ᠰᠡᠳᠦᠪ ᠤᠨ ᠲᠣᠭᠤᠷᠢᠨ ᠳᠤ᠂ ᠬᠤᠪᠢ ᠬᠥᠮᠥᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠳᠤᠨ ᠬᠠᠷᠢᠭᠤᠯᠬᠤ ᠰᠡᠳᠦᠪ ᠪᠠ ᠲᠦᠭᠰᠢᠭᠦᠷᠢ ᠶᠢᠨ ᠰᠡᠳᠦᠪ ᠵᠡᠷᠭᠡ ᠭᠤᠷᠪᠠᠨ ᠬᠡᠰᠡᠭ ᠢᠶᠠᠷ ᠪᠦᠷᠢᠯᠳᠦᠵᠡᠢ᠃ ᠤᠷᠤᠯᠳᠤᠭᠠᠨ ᠤ ᠶᠠᠪᠤᠴᠠ ᠬᠤᠷᠴᠠ ᠰᠢᠷᠦᠭᠦᠨ᠂ ᠬᠥᠮᠥᠨ ᠤ ᠰᠡᠳᠬᠢᠯ ᠢ ᠳᠣᠭᠳᠣᠯᠤᠭᠤᠯᠤᠨ᠂ ᠣᠷᠣᠯᠴᠠᠭᠰᠠᠳ ᠤᠨ ᠭᠠᠷᠮᠠᠭᠠᠢ ᠢᠯᠡᠷᠡᠯ ᠲᠠᠶᠢᠰᠠᠨ ᠳᠣᠣᠷᠠᠬᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃
     ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠵᠢᠢ ᠳ᠋ᠦᠩ ᠱᠦᠢᠨᠢ ᠶᠢᠨ ᠲᠥᠯᠥᠭᠡᠯᠡᠭᠴᠢᠳ ᠤᠨ ᠠᠩᠭᠢ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠳ᠋ᠠ ᠰᠢᠨ ᠠᠭᠤᠷᠬᠠᠢ ᠶᠢᠨ ᠦᠢᠯᠡᠰ ᠤᠨ ᠲᠥᠯᠥᠭᠡᠯᠡᠭᠴᠢᠳ ᠤᠨ ᠠᠩᠭᠢ᠂ ᠥᠪᠥᠷ ᠮᠣᠩᠭᠤᠯ ᠤᠨ ᠪᠥᠸᠧ ᠱᠧᠩ ᠠᠭᠤᠷᠬᠠᠢ ᠶᠢᠨ ᠦᠢᠯᠡᠰ ᠤᠨ ᠲᠥᠯᠥᠭᠡᠯᠡᠭᠴᠢᠳ ᠤᠨ ᠠᠩᠭᠢ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠲᠥᠯᠥᠭᠡᠯᠡᠭᠴᠢᠳ ᠤᠨ ᠠᠩᠭᠢ᠂ ᠰᠢᠶᠠᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠲᠥᠯᠥᠭᠡᠯᠡᠭᠴᠢᠳ ᠤᠨ ᠠᠩᠭᠢ᠂ ᠦᠴᠦᠸᠠᠨ ᠰᠢᠶᠠᠨ ᠤ ᠢ ᠱᠠᠨ ᠲᠣᠰᠣ ᠨᠡᠮᠡᠬᠦ ᠥᠷᠲᠡᠭᠡ ᠶᠢᠨ ᠲᠥᠯᠥᠭᠡᠯᠡᠭᠴᠢᠳ ᠤᠨ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃      ᠳᠠᠷᠠᠭᠠᠴᠢ ᠶᠢᠨ ᠠᠯᠬᠤᠮ ᠳᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠣᠯᠣᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠲᠤᠰ ᠤᠳᠠᠭ᠎ᠠ ᠶᠢᠨ ᠮᠡᠳᠡᠯᠭᠡ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠬᠡᠷᠡᠭᠯᠡᠯᠲᠡ ᠶᠢ ᠠᠬᠢᠭᠤᠯᠵᠤ᠂ ᠠᠮᠤᠷ ᠲᠦᠪᠰᠢᠨ ᠤ ᠰᠣᠶᠣᠯ ᠢ ᠪᠠᠳᠠᠷᠠᠭᠤᠯᠵᠤ᠂ ᠬᠥᠮᠥᠨ ᠪᠦᠬᠦᠨ ᠠᠮᠤᠷ ᠲᠦᠪᠰᠢᠨ ᠢ ᠴᠢᠬᠤᠯᠠᠴᠢᠯᠠᠬᠤ᠂ ᠬᠥᠮᠥᠨ ᠪᠦᠬᠦᠨ ᠠᠮᠤᠷ ᠲᠦᠪᠰᠢᠨ ᠢ ᠣᠶᠢᠯᠭᠠᠬᠤ᠂ ᠬᠥᠮᠥᠨ ᠪᠦᠬᠦᠨ ᠠᠮᠤᠷ ᠲᠦᠪᠰᠢᠨ ᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号