ᠰᠢᠶᠠᠨ ᠤ ᠨᠠᠮ ᠤᠨ ᠬᠤᠷᠢᠶ᠎ᠠ ᠪᠦᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ  ᠶᠠᠩ ᠰᠢᠩ ᠱᠧᠩ ᠰᠠᠬᠢᠯᠭ᠎ᠠ ᠪᠠᠲᠤ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠪᠥᠬᠦ ᠰᠢᠶᠠᠨ ᠤ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠪᠦᠬᠦ ᠭᠠᠵᠠᠷ ᠤᠨ ᠲᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠡᠰᠡᠭ ᠰᠢᠶᠠᠨ ᠭᠠᠵᠠᠷ ᠤᠨ ᠲᠡᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠵᠢᠴᠢ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ᠂ ᠵᠠᠯᠠᠭᠤ ᠺᠠᠳ᠋ᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠧᠨ ᠫᠠᠨ ᠫᠠᠨ ᠲᠣᠰ ᠭᠠᠵᠠᠷ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠮᠡᠳᠡᠭᠳᠡᠭᠰᠡᠨ ᠪᠥᠭᠡᠳ ᠵᠠᠳᠠᠯᠤᠯᠲᠠ ᠬᠢᠵᠦ᠂ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠲᠡᠮᠦᠷ ᠮᠡᠲᠦ ᠪᠠᠲᠤ ᠴᠢᠩᠭ᠎ᠠ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠶᠢ ᠬᠠᠮᠲᠤ ᠪᠠᠷ ᠦᠵᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠶᠢ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠠᠲᠤ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠬᠠᠮᠰᠠᠷᠲᠤ ᠴᠢᠨᠠᠷ᠂ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠦᠨᠡᠨᠴᠢ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠦᠨᠡᠨᠬᠦ ᠲᠣᠳᠣᠷᠬᠠᠢ ᠡᠵᠡᠮᠰᠢᠵᠦ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ ᠶᠢ ᠲᠣᠳᠣᠷᠬᠠᠢ ᠣᠶᠢᠯᠠᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠡᠷᠡᠰ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃      ᠰᠡᠷᠡᠮᠵᠢᠯᠡᠭᠦᠯᠬᠦ ᠬᠥᠮᠦᠵᠢᠯ ᠤᠨ ᠹᠢᠯᠢᠮ ᠪᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠶᠠᠩ ᠰᠢᠩ ᠱᠧᠩ ᠴᠢᠬᠤᠯᠠᠴᠢᠯᠠᠭᠰᠠᠨ ᠨᠢ᠂ ᠡᠷᠬᠡᠪᠰᠢ ᠴᠡᠭᠡᠷᠯᠡᠯ ᠪᠣᠯᠭᠠᠵᠤ᠂ ᠰᠤᠷᠭᠠᠮᠵᠢ ᠠᠪᠬᠤ ᠬᠡᠷᠡᠭᠲᠡᠢ᠂ ᠪᠥᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠥᠪ ᠬᠤᠷᠢᠶᠠᠨ ᠤ ︽ᠬᠡᠷᠡᠭ ᠤᠨ ᠵᠢᠱᠢᠶ᠎ᠡ ᠪᠠᠷ ᠶᠣᠰᠣ ᠮᠣᠷᠠᠯ ᠢ ᠬᠡᠯᠡᠵᠦ᠂ ᠬᠡᠷᠡᠭ ᠤᠨ ᠵᠢᠱᠢᠶ᠎ᠡ ᠪᠠᠷ ᠰᠠᠬᠢᠯᠭ᠎ᠠ ᠪᠠᠲᠤ ᠶᠢ ᠶᠠᠷᠢᠵᠤ᠂ ᠬᠡᠷᠡᠭ ᠤᠨ ᠵᠢᠱᠢᠶ᠎ᠡ ᠪᠠᠷ ᠬᠠᠷᠢᠭᠤᠴᠠᠯᠭ᠎ᠠ ᠶᠢ ᠲᠣᠳᠣᠷᠬᠠᠶᠢᠯᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭ ᠤᠨ ᠵᠢᠱᠢᠶ᠎ᠡ ᠪᠠᠷ ᠰᠤᠷᠤᠯᠴᠠᠯᠭ᠎ᠠ ᠶᠢ ᠠᠬᠢᠭᠤᠯᠬᠤ᠂ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠶᠢ ᠪᠠᠷᠢᠮᠲᠠᠯᠠᠵᠤ᠂ ᠴᠠᠭ ᠢᠮᠠᠭᠲᠠ ᠨᠠᠮ ᠤᠨ ᠰᠠᠬᠢᠯᠭ᠎ᠠ ᠪᠠᠲᠤ ᠪᠠᠷ ᠥᠪᠡᠷ ᠢ ᠪᠠᠨ ᠬᠢᠵᠠᠭᠠᠷᠯᠠᠵᠤ᠂ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ᠂ ᠬᠥᠮᠥᠨ ᠪᠣᠯᠵᠤ ᠠᠵᠢᠯ ᠬᠢᠬᠦ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭ ᠢᠮᠠᠭᠲᠠ ᠬᠠᠷᠢᠴᠠᠭᠤᠯᠤᠨ ᠪᠠᠶᠢᠴᠠᠭᠠᠵᠤ᠂ ᠰᠡᠷᠡᠮᠵᠢᠯᠡᠭᠦᠯᠬᠦ ᠬᠡᠷᠡᠭᠲᠡᠢ᠃ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠡᠵᠡᠮᠰᠢᠵᠦ᠂ ᠴᠢᠩᠭ᠎ᠠ ᠵᠢᠷᠤᠮᠯᠠᠬᠤ ᠬᠡᠷᠡᠭᠲᠡᠢ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠵᠤ ᠵᠠᠩ ᠳᠠᠳᠬᠠᠯ ᠢ ᠦᠨᠡᠨᠬᠦ ᠲᠣᠳᠣᠷᠬᠠᠢ ᠣᠶᠢᠯᠠᠭᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠬᠤ ᠪᠣᠯ ᠨᠢᠭᠡ ᠵᠦᠢᠯ ᠤᠨ ᠤᠷᠳᠤ ᠬᠤᠭᠤᠴᠠᠭᠠᠨ ᠤ ᠴᠢᠨᠠᠷᠲᠠᠢ᠂ ᠰᠠᠭᠤᠷᠢ ᠴᠢᠨᠠᠷᠲᠠᠢ ᠠᠵᠢᠯ ᠮᠥᠨ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠤᠯᠴᠠᠯᠭ᠎ᠠ ᠬᠥᠮᠦᠵᠢᠯ᠂ ᠠᠷᠢᠭᠤᠨ ᠴᠢᠬᠡᠴᠢ ᠰᠣᠶᠣᠯ ᠤᠨ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ ᠬᠢᠨᠠᠯᠲᠠ ᠶᠢ ᠦᠨᠡᠨᠬᠦ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠰᠡᠳᠬᠢᠯ ᠳᠡᠭᠡᠨ ᠡᠮᠢᠶᠡᠯ ᠲᠠᠢ᠂ ᠬᠡᠯᠡᠬᠦ ᠳᠤ ᠴᠡᠭᠡᠷ ᠲᠠᠢ᠂ ᠬᠢᠬᠦ ᠳᠤ ᠬᠤᠷᠢᠭ᠎ᠠ ᠲᠠᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠤᠰ ᠰᠢᠶᠠᠩ ᠪᠠᠯᠭᠠᠰᠤ ᠲᠤᠰ ᠰᠠᠯᠠᠭ᠎ᠠ ᠮᠥᠴᠢᠷ ᠤᠨ ᠢᠶᠠᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠰᠠᠶᠢᠲᠤᠷ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠰᠠᠶᠢᠲᠤᠷ ᠬᠠᠮᠠᠭᠠᠯᠠᠵᠤ᠂ ᠪᠣᠳᠠᠲᠤ ᠠᠮᠵᠢᠯᠲᠠ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠳᠤᠮᠳᠠ ᠦᠴᠦᠸᠠᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃ ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号