6 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ 2024 ᠥᠪᠥᠷ ᠮᠣᠩᠭᠤᠯ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠢ ᠨᠡᠶᠢᠲᠡᠯᠡᠬᠦ ᠬᠤᠷᠠᠯ ᠵᠢᠴᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ︽ᠬᠤᠶᠠᠷ ᠡᠷᠡᠭᠦᠯ︾ ᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠥᠪᠥᠷ | ᠮᠣᠩᠭᠤᠯ ᠤᠨ ᠣᠷᠳᠣᠰ ᠬᠤᠲᠠ ᠳᠤ ᠶᠠᠪᠤᠭᠳᠠᠵᠠᠢ᠃ ᠬᠤᠷᠠᠯ ᠳᠡᠭᠡᠷ᠎ᠡ 2024 ᠥᠪᠥᠷ ᠮᠣᠩᠭᠤᠯ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠨᠡᠷᠡᠰ ᠢ ᠨᠡᠶᠢᠲᠡᠯᠡᠭᠰᠡᠨ ᠪᠠᠶᠢᠨ᠎ᠠ᠃ | 2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ | ᠰᠢᠷᠢᠰ ᠨᠡᠷᠡᠰ ᠤᠨ ᠵᠢᠭᠰᠠᠭᠠᠯᠲᠠ ᠪᠣᠯ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ︽ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ︾ | ᠤᠨ ᠰᠢᠷᠢᠰ ᠨᠡᠷᠡᠰ ᠤᠨ ᠵᠢᠭᠰᠠᠭᠠᠯᠲᠠ ᠶᠢᠨ ᠠᠷᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠰᠠᠶᠢᠨ | ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠵᠠᠷᠴᠢᠮ ᠢᠶᠠᠷ᠂ ᠠᠵᠤ ᠠᠬᠤᠶᠢᠯᠠᠯ ᠤᠨ 2023 ᠣᠨ ᠤ | ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠢ ᠲᠤᠭ᠎ᠠ ᠪᠠᠷ ᠭᠤᠣᠯ ᠭᠦᠢᠴᠡᠳᠬᠡᠯ ᠲᠤᠭ᠎ᠠ ᠪᠤᠯᠭᠠᠵᠤ᠂ ᠭᠤᠶᠤᠴᠢᠯᠠᠨ | ᠮᠡᠳᠡᠭᠦᠯᠬᠦ ᠳᠤ ᠣᠷᠣᠯᠴᠠᠬᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠢᠭᠰᠠᠭᠠᠵᠤ᠂ ᠡᠮᠦᠨ᠎ᠡ 100 | ᠨᠡᠷᠡᠰ ᠲᠤ ᠵᠢᠭᠰᠠᠭᠠᠭᠳᠠᠭᠰᠠᠨ ᠪᠠᠶᠢᠪᠠᠯ︽ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | 100 ᠬᠦᠴᠦᠷᠬᠡᠭ︾ᠭᠡᠵᠦ᠂ ᠦᠢᠯᠡᠳᠬᠦ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 50 | ᠬᠦᠴᠦᠷᠬᠡᠭ᠂ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 20 | ᠬᠦᠴᠦᠷᠬᠡᠭ ᠲᠤ ᠴᠦ ᠠᠳᠠᠯᠢ ᠠᠷᠭ᠎ᠠ ᠶᠢ ᠬᠡᠷᠡᠭᠯᠡᠨ᠎ᠡ︔ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ ᠨᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠣᠷᠣᠭᠤᠯᠤᠯᠲᠠ᠂ ᠲᠤᠰᠬᠠᠢ ᠠᠰᠢᠭ᠂ ᠰᠤᠳᠤᠯᠤᠨ ᠨᠡᠭᠡᠭᠡᠬᠦ ᠲᠠᠪᠴᠠᠩ ᠵᠡᠷᠭᠡ ᠣᠯᠠᠨ ᠵᠦᠢᠯ ᠤᠨ ᠭᠦᠢᠴᠡᠳᠬᠡᠯ | ᠲᠤᠭ᠎ᠠ ᠪᠠᠷ ᠶᠡᠷᠦᠩᠬᠡᠶᠢᠯᠡᠨ ᠦᠨᠡᠯᠡᠵᠦ ᠵᠢᠭᠰᠠᠭᠠᠬᠤ ᠪᠣᠯᠣᠨ᠎ᠠ᠃ | 2023 ᠣᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠲᠤ ᠣᠷᠣᠬᠤ | ᠪᠠᠷᠢᠮᠵᠢᠶ᠎ᠠ ᠶᠢ ᠲᠦᠷᠦᠭᠦᠦ ᠵᠢᠯ ᠤᠨ 26.44 ᠳ᠋ᠦᠩᠰᠢᠭᠤᠷ ᠲᠥᠭᠦᠷᠢᠭ ᠪᠠᠶᠢᠭᠰᠠᠨ ᠠᠴᠠ 28.15 ᠳ᠋ᠦᠩᠰᠢᠭᠤᠷ | ᠲᠥᠭᠦᠷᠢᠭ ᠪᠣᠯᠭᠠᠨ ᠳᠡᠭᠡᠭᠰᠢᠯᠡᠭᠦᠯᠵᠦ᠂ 6.47% ᠪᠠᠷ ᠨᠡᠮᠡᠭᠳᠡᠭᠦᠯᠵᠦ᠂ 15 ᠠᠵᠤ ᠠᠬᠤᠶᠢᠯᠠᠯ ᠨᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠰᠢᠨ᠎ᠡ ᠪᠠᠷ ᠣᠷᠣᠪᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠡᠵᠡᠩᠨᠡᠯᠲᠡ ᠶᠢᠨ ᠣᠷᠣᠯᠭ᠎ᠠ ᠶᠢᠨ ᠪᠦᠭᠦ | ᠲᠤᠭ᠎ᠠ 1.13 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1.94% ᠪᠠᠷ | ᠨᠡᠮᠡᠭᠳᠡᠪᠡ᠃ ᠡᠭᠦᠨ ᠳᠤ ᠡᠵᠡᠩᠨᠡᠯᠲᠡ ᠶᠢᠨ ᠣᠷᠣᠯᠭ᠎ᠠ ᠨᠢ 100 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ | ᠠᠬᠤᠶᠢᠯᠠᠯ 33 ᠪᠠᠶᠢᠵᠤ᠂ ᠳᠡᠭᠡᠷ᠎ᠡ ᠵᠢᠯ ᠤᠨ ᠬᠢ ᠠᠴᠠ 1 ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠨᠢ 50 | ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 62 ᠪᠠᠶᠢᠵᠤ᠂ ᠳᠡᠭᠡᠷ᠎ᠡ ᠵᠢᠯ ᠤᠨ ᠬᠢ ᠠᠴᠠ 4 ᠨᠡᠮᠡᠭᠳᠡᠪᠡ᠃ | ᠢᠯᠢ ᠪᠦᠯᠦᠭᠯᠡᠯ᠂ ᠣᠷᠳᠣᠰ ᠪᠦᠯᠦᠭᠯᠡᠯ᠂ ᠬᠤᠢ ᠨᠧᠩ ᠪᠦᠯᠦᠭᠯᠡᠯ᠂ ᠢ ᠲᠠᠢ ᠪᠦᠯᠦᠭᠯᠡᠯ ᠭᠡᠬᠦ 4 ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 500 ᠳ᠋ᠦᠩᠰᠢᠭᠤᠷ ᠲᠥᠭᠦᠷᠢᠭ ᠢ ᠳᠠᠪᠠᠵᠤ᠂ ᠡᠭᠦᠨ ᠳᠤ ᠢᠯᠢ ᠪᠦᠯᠦᠭᠯᠡᠯ ᠤᠨ | ᠡᠵᠡᠩᠨᠡᠯᠲᠡ ᠶᠢᠨ ᠣᠷᠣᠯᠭ᠎ᠠ 1261.79 ᠳ᠋ᠦᠩᠰᠢᠭᠤᠷ ᠲᠥᠭᠦᠷᠢᠭ ᠲᠤ ᠬᠦᠷᠴᠦ᠂ ᠲᠡᠷᠢᠭᠦᠨ ᠳᠤ ᠵᠢᠭᠰᠠᠭᠠᠭᠳᠠᠵᠠᠢ᠃ | | | | |