ᠮᠠᠨ ᠤ ᠣᠷᠣᠨ ᠤ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠴᠢᠳᠠᠪᠤᠷᠢ ᠪᠦᠭᠦ ᠤᠯᠤᠰ ᠲᠤ ᠣᠷᠣᠶᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2024/6/28
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠤ ᠨᠢᠭᠡᠨᠲᠡ ᠪᠠᠶᠢᠭᠤᠯᠤᠭᠰᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ 100 ᠰᠢᠬᠠᠮ ᠪᠠᠶᠢᠵᠤ᠂ ᠦᠢᠯᠡᠳᠪᠦᠷᠢᠯᠡᠯ ᠤᠨ ᠴᠢᠳᠠᠪᠤᠷᠢ 9000 ᠲᠦᠮᠡᠨ ᠳᠤᠨ ᠢ ᠳᠠᠪᠠᠵᠤ᠂ ᠪᠦᠭᠦ ᠣᠷᠣᠨ ᠤ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠴᠢᠳᠠᠪᠤᠷᠢ ᠪᠦᠭᠦ ᠤᠯᠤᠰ  ᠲᠤ ᠣᠷᠣᠶᠢᠯᠠᠵᠤ ᠪᠠᠶᠢᠨ᠎ᠠ᠃      ᠮᠠᠨ ᠤ ᠣᠷᠣᠨ ᠤ ᠨᠢᠭᠡᠨᠲᠡ ᠢᠯᠡᠷᠡᠭᠦᠯᠦᠭᠰᠡᠨ ᠨᠡᠭᠦᠷᠡᠰᠦ ᠶᠢᠨ ᠡᠬᠢ ᠪᠠᠶᠠᠯᠢᠭ 7323 ᠳ᠋ᠦᠩᠰᠢᠭᠤᠷ ᠲᠤᠨ ᠪᠠᠶᠢᠵᠤ᠂ ᠪᠦᠭᠦ ᠤᠯᠤᠰ ᠲᠤ ᠣᠷᠣᠶᠢᠯᠠᠵᠤ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ  ᠶᠢ ᠴᠢᠨᠠᠷ ᠰᠠᠶᠢᠲᠠᠢ ᠴᠣᠭᠴᠠᠯᠠᠬᠤ ᠪᠠᠷ ᠲᠣᠳᠣᠷᠬᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠭᠦᠷᠡᠰᠦ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠰᠢᠷᠣᠢ ᠬᠡᠷᠡᠭᠯᠡᠬᠦ᠂ ᠡᠨᠧᠷᠭᠢ ᠶᠢᠨ ᠬᠤᠷᠣᠭᠳᠠᠭᠤᠯᠤᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠳ᠋ ᠤᠨ ᠵᠠᠰᠠᠭ ᠪᠡᠯᠡ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠤᠯᠠᠨ ᠲᠠᠯ᠎ᠠ ᠶᠢᠨ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠣᠷᠳᠣᠰ ᠢ ᠳᠡᠯᠡᠬᠡᠢ ᠶᠢᠨ ᠲᠡᠷᠢᠭᠦᠨ ᠵᠡᠷᠭᠡ ᠶᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠲᠣᠭᠲᠠᠵᠠᠢ᠃ ᠤᠯᠤᠰ ᠠᠴᠠ ᠪᠠᠰᠠ ᠮᠠᠨ ᠤ ᠣᠷᠣᠨ ᠢ ᠪᠦᠭᠦ ᠤᠯᠤᠰ ᠤᠨ 4 ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠠ ᠨᠡᠭᠦᠷᠡᠰᠦ ᠪᠠᠷ ᠰᠢᠲᠠᠮᠠᠬᠠᠢ ᠲᠣᠰᠣ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠤ ᠨᠢᠭᠡ ᠪᠠᠷ ᠲᠣᠭᠲᠠᠭᠠᠪᠠ᠃      ᠮᠠᠨ ᠤ ᠣᠷᠣᠨ ᠳᠤ ᠤᠳᠤ 100 ᠭᠠᠷᠤᠢ ᠵᠦᠢᠯ ᠤᠨ ᠲᠤᠰᠬᠠᠢ ᠠᠰᠢᠭ ᠪᠦᠬᠦᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠪᠠ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ  ᠶᠢᠨ ᠦᠮᠴᠢᠯᠡᠯ ᠤᠨ ᠡᠷᠬᠡ ᠪᠦᠬᠦᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠪᠠᠶᠢᠵᠤ᠂ ᠤᠯᠠᠨ ᠵᠦᠢᠯ ᠤᠨ ᠮᠡᠷᠭᠡᠵᠢᠯ ᠪᠦᠭᠦ ᠤᠯᠤᠰ ᠲᠡᠷᠡᠴᠢᠯᠡᠨ ᠪᠦᠭᠦ ᠳᠡᠯᠡᠬᠡᠢ ᠳᠤ ᠬᠤᠰᠢᠭᠤᠷᠠᠵᠤ ᠪᠠᠶᠢᠳᠠᠭ᠃ ᠮᠠᠨ ᠤ ᠣᠷᠣᠨ ᠤ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ᠂ ᠨᠡᠭᠦᠷᠡᠰᠦ ᠪᠠᠷ ᠰᠢᠲᠠᠮᠠᠬᠠᠢ ᠲᠣᠰᠣ ᠦᠢᠯᠡᠳᠬᠦ᠂ ᠨᠡᠭᠦᠷᠡᠰᠦ ᠪᠠᠷ ᠡᠲ᠋ᠢᠯ ᠬᠤᠶᠠᠷᠴᠢ ᠠᠯᠺᠤᠤᠯ ᠦᠢᠯᠡᠳᠬᠦ ᠴᠢᠳᠠᠪᠤᠷᠢ ᠤᠳᠤ ᠪᠦᠭᠦ ᠤᠯᠤᠰ ᠲᠤ ᠳᠡᠳ᠋ᠯᠡᠵᠦ ᠪᠤᠢ᠃ ᠵᠢᠯ  ᠤᠨ ᠰᠡᠭᠦᠯᠴᠢ ᠪᠠᠷ ᠥᠪᠥᠷ ᠮᠣᠩᠭᠤᠯ ᠤᠨ ᠪᠤᠤ ᠹᠧᠩ ᠨᠡᠭᠦᠷᠡᠰᠦ ᠳᠤ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠵᠢᠱᠢᠶ᠎ᠡ ᠦᠵᠡᠭᠦᠯᠭᠦ ᠲᠦᠷᠦᠯ ᠵᠦᠢᠯ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠪᠠᠯ᠂ ᠮᠠᠨ ᠤ ᠣᠷᠣᠨ ᠤ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠴᠢᠳᠠᠪᠤᠷᠢ ᠴᠤ ᠪᠦᠭᠦ ᠤᠯᠤᠰ ᠲᠤ ᠣᠷᠣᠶᠢᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号