ᠮᠠᠨ ᠤ ᠣᠷᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2024/6/28
     ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ  ᠮᠠᠨ ᠤ ᠣᠷᠣᠨ ᠪᠦᠭᠦ ᠤᠯᠤᠰ ᠲᠤ ᠲᠦᠷᠦᠭᠦᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠠᠵᠢᠯ ᠥᠷᠨᠢᠭᠦᠯᠵᠦ᠂ ᠣᠶᠢᠷ᠎ᠠ ᠳᠤ 500 ᠭᠠᠷᠤᠢ ᠵᠦᠢᠯ ᠤᠨ ᠪᠠᠶᠢᠴᠠᠭᠠᠨ ᠰᠢᠯᠭᠠᠬᠤ ᠭᠦᠢᠴᠡᠳᠬᠡᠯ ᠲᠤᠭ᠎ᠠ ᠶᠢ ᠬᠠᠮᠤᠷᠤᠭᠰᠠᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠪᠠ᠃      ᠮᠠᠨ ᠤ ᠣᠷᠣᠨ ᠣᠶᠤᠨᠴᠢ ᠮᠠᠯᠵᠢᠯ ᠤᠨ ᠲᠠᠯᠠᠪᠠᠢ ᠶᠢᠨ ᠲᠤᠷᠰᠢᠯᠲᠠ ᠶᠢᠨ ᠴᠡᠭ ᠭᠠᠷᠭᠠᠨ ᠬᠤᠨᠢ ᠪᠣᠯᠭᠠᠨ  ᠳᠤᠨᠢ ᠳᠠᠭᠠᠭᠤᠯᠢ ᠣᠳᠣᠨ ᠤ ᠣᠷᠣᠨ ᠪᠠᠶᠢᠷᠢ ᠲᠣᠭᠲᠠᠭᠠᠬᠤ ᠴᠠᠭᠠᠷᠢᠭ ᠵᠡᠭᠦᠯᠭᠡᠵᠦ᠂ ᠭᠡᠷ᠎ᠡ ᠲᠣᠭᠲᠠᠭᠰᠠᠨ ᠺᠤᠮᠫᠠᠨᠢ ᠪᠠ ᠬᠤᠪᠢ ᠬᠥᠮᠥᠨ ᠮᠠᠯᠵᠢᠯ ᠤᠨ ᠲᠠᠯᠠᠪᠠᠢ ᠶᠢᠨ ᠪᠡᠯᠴᠢᠭᠡᠷ ᠤᠨ ᠪᠠᠶᠢᠳᠠᠯ ᠪᠣᠯᠣᠨ ᠠᠷᠠᠴᠢᠯᠠᠭ᠎ᠠ ᠮᠠᠯᠵᠢᠯᠭ᠎ᠠ ᠶᠢᠨ ᠪᠦᠭᠦ ᠶᠠᠪᠤᠴᠠ ᠵᠢᠴᠢ ᠪᠣᠳᠠᠲᠠᠢ ᠪᠠᠶᠢᠳᠠᠯ ᠢ ᠴᠠᠭ ᠲᠤᠬᠠᠢ ᠳᠤᠨᠢ ᠡᠵᠡᠮᠳᠡᠵᠦ ᠳᠡᠶᠢᠯᠭᠦ ᠪᠤᠯᠵᠢ᠃ ᠡᠳᠡᠭᠡᠷ ᠣᠶᠤᠨᠴᠢ ᠮᠠᠯᠵᠢᠯ ᠤᠨ ᠲᠠᠯᠠᠪᠠᠢ ᠠᠴᠠ ᠴᠤᠭᠯᠠᠭᠤᠯᠤᠭᠰᠠᠨ ᠲᠤᠭ᠎ᠠ ᠪᠠᠷᠢᠮᠲᠠ ᠪᠣᠯ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠤᠨ ᠴᠢᠬᠤᠯᠠ ᠠᠭᠤᠯᠭ᠎ᠠ ᠪᠤᠯᠬᠤ ᠶᠤᠮ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠵᠡᠷᠭᠡ ᠰᠠᠯᠠᠭ᠎ᠠ ᠮᠥᠴᠢᠷ  ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠭᠠᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠥᠷᠨᠢᠭᠦᠯᠵᠦ᠂ ᠲᠦᠷᠦᠭᠦᠦ ᠪᠦᠯᠦᠭ ᠤᠨ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠲᠥᠮᠥᠰᠥ ᠵᠡᠷᠭᠡ 4 ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠲᠤᠭ᠎ᠠ ᠪᠠᠷᠢᠮᠲᠠ ᠶᠢ ᠨᠡᠶᠢᠲᠡᠯᠡᠭᠰᠡᠨ ᠪᠥᠭᠡᠳ ᠠᠭᠤᠷ ᠠᠮᠢᠰᠬᠤᠯ᠂ ᠦᠨᠦᠷ ᠠᠮᠲᠠ᠂ ᠶᠠᠰᠤ ᠴᠢᠨᠠᠷ ᠤᠨ ᠵᠢᠭᠰᠠᠯ ᠢ ᠬᠠᠮᠲᠤ ᠬᠡᠷᠡᠭᠯᠡᠬᠦ ᠰᠢᠨ᠎ᠡ ᠮᠡᠷᠭᠡᠵᠢᠯ  ᠢᠶᠠᠷ ᠳᠠᠮᠵᠢᠨ ᠲᠦᠭᠦᠬᠡᠢ ᠬᠤᠨᠢᠨ ᠮᠢᠬ᠎ᠠ᠂ ᠪᠤᠯᠭᠤᠬᠰᠠᠨ ᠬᠤᠨᠢᠨ ᠮᠢᠬ᠎ᠠ ᠵᠢᠴᠢ ᠰᠢᠷᠠᠭᠰᠠᠨ ᠬᠤᠨᠢᠨ ᠮᠢᠬ᠎ᠠ ᠶᠢᠨ ᠳᠣᠲᠣᠷᠠᠬᠢ ᠵᠠᠩᠭᠢᠯᠠᠭ᠎ᠠ ᠶᠢᠨ ᠦᠨᠦᠷ ᠠᠮᠲᠠ ᠶᠢᠨ ᠢᠳᠡᠪᠬᠢ ᠨᠢᠭᠡᠳᠪᠦᠷᠢ ᠶᠢ ᠬᠢᠨᠠᠨ ᠲᠣᠭᠲᠠᠭᠠᠵᠤ᠂ ᠭᠠᠵᠠᠷ ᠣᠷᠣᠨ  ᠤ ᠪᠠᠷᠢᠮᠵᠢᠶ᠎ᠠ ᠶᠢᠨ ᠬᠠᠮᠠᠭᠠᠯᠠᠯᠲᠠ ᠲᠠᠢ ᠪᠦᠲᠦᠭᠡᠭᠳᠡᠬᠦᠨ᠂ ᠨᠠᠷᠠᠲᠤ ᠣᠨᠴᠠᠯᠢᠭᠲᠤ ᠤᠭᠢ ᠰᠢᠨ᠎ᠡ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠯᠭᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ  ᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠪᠠ᠃      ᠣᠶᠢᠯᠠᠭᠠᠭᠰᠠᠨ ᠢᠶᠠᠷ  ᠪᠦᠭᠦ ᠣᠷᠣᠨ ᠢᠶᠠᠷ ᠢᠶᠠᠨ ᠣᠳᠣᠬᠠᠨ ᠪᠤᠯᠳᠠᠯ᠎ᠠ ᠰᠢᠨ᠎ᠡ ᠰᠣᠷᠭᠤᠭ ᠲᠦᠭᠦᠬᠡᠢ ᠰᠦ᠂ ᠬᠤᠨᠢᠨ ᠮᠢᠬ᠎ᠠ᠂ ᠦᠬᠡᠷ ᠤᠨ ᠮᠢᠬ᠎ᠠ ᠵᠡᠷᠭᠡ 7 ᠶᠡᠭᠡ ᠲᠥᠷᠥᠯ ᠤᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ 2241 ᠬᠤᠪᠢ ᠪᠠᠶᠢᠴᠠᠭᠠᠨ ᠬᠡᠮᠵᠢᠵᠦ᠂ ᠰᠢᠮ᠎ᠡ ᠲᠡᠵᠢᠭᠡᠯ ᠪᠠ ᠦᠨᠦᠷ ᠠᠮᠲᠠ ᠵᠡᠷᠭᠡ ᠤᠯᠠᠨ ᠲᠠᠯ᠎ᠠ ᠶᠢᠨ ᠭᠦᠢᠴᠡᠳᠬᠡᠯ ᠲᠤᠭ᠎ᠠ ᠶᠢ 531 ᠪᠠᠶᠢᠴᠠᠭᠠᠨ ᠬᠡᠮᠵᠢᠵᠦ᠂ ᠰᠢᠯᠭᠠᠨ ᠪᠠᠶᠢᠴᠠᠭᠠᠭᠰᠠᠨ ᠲᠤᠭ᠎ᠠ ᠪᠠᠷᠢᠮᠲᠠ ᠨᠢ 14 ᠲᠦᠮᠡ ᠬᠤᠪᠢ ᠶᠢ ᠳᠠᠪᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠠᠵᠢᠯ ᠨᠢ ᠪᠦᠭᠦ ᠤᠯᠤᠰ ᠤᠨ ᠨᠡᠶᠢᠳᠡ ᠳᠤ ᠬᠤᠤᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠣᠷᠭᠠᠨᠢᠭ ᠢᠳᠡᠭᠡᠨ᠂ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠢ ᠦᠨᠡᠯᠡᠨ ᠰᠢᠯᠭᠠᠬᠤ ᠠᠵᠢᠯ ᠤᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号