ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠡᠨᠡ ᠵᠢᠯ ᠤᠨ ᠲᠦᠷᠦᠭᠦᠤ ᠪᠦᠯᠦᠭ ᠲᠤ 305 ᠵᠦᠢᠯ ᠤᠨ ᠣᠷᠣᠨ ᠨᠤᠲᠤᠭ | ᠤᠨ ᠪᠠᠷᠢᠮᠵᠢᠶ᠎ᠠ ᠶᠢ ᠲᠣᠭᠲᠠᠭᠠᠨ᠂ 7 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠵᠠᠰᠠᠪᠤᠷᠢ ᠤᠷᠤᠭᠤᠯᠬᠤ ᠪᠠᠷ | ᠪᠤᠢ᠃ | ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠷᠥᠯ ᠵᠦᠢᠯ ᠢ ᠴᠤᠭᠯᠠᠭᠤᠯᠬᠤ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠭᠰᠠᠨ ᠠᠴᠠ ᠨᠠᠭᠠᠰᠢ᠂ ᠪᠦᠭᠦ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠭᠥᠯᠢᠶᠡᠨ ᠠᠪᠬᠤ ᠲᠠᠪᠴᠠᠩ ᠤᠨ ᠳᠤᠰᠤᠭᠰᠠᠨ ᠭᠤᠶᠤᠴᠢᠯᠠᠨ ᠮᠡᠳᠡᠭᠦᠯᠦᠭᠰᠡᠨ | ᠰᠠᠨᠠᠭᠤᠯᠭ᠎ᠠ 1067 ᠵᠦᠢᠯ ᠳᠤ ᠬᠦᠷᠴᠦ᠂ ᠨᠢᠳᠤᠨᠤᠨ ᠤ ᠬᠢ ᠠᠴᠠ 10% ᠪᠠᠷ ᠨᠡᠮᠡᠭᠳᠡᠵᠡᠢ᠃ ᠮᠠᠨ ᠤ ᠣᠷᠣᠨ ᠤ | 26 ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠪᠠᠷ ᠳᠡᠮᠵᠢᠨ | 923 ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠤᠨ ᠭᠤᠶᠤᠴᠢᠯᠠᠯ ᠢ ᠦᠯᠡᠳᠡᠭᠡᠨ | ᠳᠡᠭᠡᠭᠰᠢ ᠳᠡᠪᠰᠢᠭᠦᠯᠵᠦ᠂ ᠨᠢᠳᠤᠨᠤᠨ ᠤ ᠬᠢ ᠠᠴᠠ 30% ᠪᠠᠷ ᠨᠡᠮᠡᠭᠳᠡᠭᠰᠡᠨ ᠪᠠᠶᠢᠨ᠎ᠠ᠃ ᠲᠦᠷᠦᠭᠦᠬᠡᠨ ᠥᠪᠡᠷᠲᠡᠭᠡᠨ | ᠵᠠᠰᠠᠬᠤ ᠣᠷᠣᠨ ᠠᠴᠠ ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠲᠣᠭᠲᠠᠭᠠᠬᠤ ᠨᠤᠲᠠᠯᠠᠯᠲᠠ ᠶᠢᠨ | ᠬᠤᠷᠠᠯ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠣᠯᠣᠨ | ᠶᠡᠭᠡ ᠳᠡᠭᠡᠳᠦ ᠰᠤᠷᠭᠠᠭᠤᠯᠢ ᠶᠢᠨ 50 ᠭᠠᠷᠤᠢ ᠲᠤᠰᠬᠠᠢ ᠮᠡᠷᠭᠡᠵᠢᠯᠲᠡᠨ ᠠᠴᠠ ᠪᠦᠭᠦ ᠣᠷᠣᠨ ᠤ 923 ᠵᠦᠢᠯ ᠤᠨ | ᠣᠷᠣᠨ ᠨᠤᠲᠤᠭ ᠤᠨ ᠪᠠᠷᠢᠮᠵᠢᠶ᠎ᠠ ᠶᠢᠨ ᠲᠥᠷᠥᠯ ᠵᠦᠢᠯ ᠳᠤ ᠨᠤᠲᠠᠯᠠᠯᠲᠠ ᠬᠢᠵᠡᠢ᠃ ᠲᠤᠰᠬᠠᠢ ᠮᠡᠷᠭᠡᠵᠢᠯᠲᠡᠨ ᠤ | ᠳᠤᠭᠤᠶᠢᠯᠠᠩ ᠠᠴᠠ ᠣᠷᠣᠨ ᠨᠤᠲᠤᠭ ᠤᠨ ᠪᠠᠷᠢᠮᠵᠢᠶ᠎ᠠ ᠪᠠᠷ ᠭᠤᠶᠤᠴᠢᠯᠠᠨ ᠮᠡᠳᠡᠭᠦᠯᠬᠦ ᠲᠥᠷᠥᠯ ᠵᠦᠢᠯ ᠤᠨ ᠴᠢᠬᠤᠯᠠ | ᠴᠢᠨᠠᠷ᠂ ᠬᠡᠷᠡᠭᠯᠡᠭᠡᠨ ᠤ ᠴᠢᠨᠠᠷ᠂ ᠪᠣᠯᠣᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠰᠢᠨ᠎ᠡ ᠶᠢ ᠡᠭᠦᠳᠬᠦ ᠴᠢᠨᠠᠷ ᠵᠡᠷᠭᠡ | ᠶᠢ ᠭᠦᠢᠴᠡᠳ ᠵᠠᠳᠠᠯᠤᠨ ᠨᠤᠲᠠᠯᠠᠭᠰᠠᠨ ᠪᠥᠭᠡᠳ ᠲᠥᠷᠥᠯ ᠵᠦᠢᠯ ᠲᠣᠭᠲᠠᠭᠠᠬᠤ ᠡᠰᠡᠬᠦ ᠲᠤᠬᠠᠢ ᠨᠤᠲᠠᠯᠠᠯᠲᠠ ᠶᠢᠨ | ᠰᠠᠨᠠᠯ ᠭᠠᠷᠭᠠᠵᠤ᠂ ᠡᠴᠦᠰ ᠲᠡᠭᠡᠨ 431 ᠵᠦᠢᠯ ᠤᠨ ᠪᠠᠷᠢᠮᠵᠢᠶ᠎ᠠ ᠶᠢᠨ ᠲᠥᠷᠥᠯ ᠵᠦᠢᠯ ᠢ ᠲᠣᠭᠲᠠᠭᠠᠬᠤ ᠪᠠᠷ ᠪᠣᠯᠪᠠ᠃ | | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠢᠶ᠎ᠠ | ᠪᠦᠬᠦᠢ ᠨᠤᠲᠠᠯᠠᠯᠲᠠ ᠶᠢᠨ ᠰᠠᠨᠠᠯ ᠢ ᠦᠨᠳᠦᠰᠦᠯᠡᠨ ᠨᠢᠭᠡᠨᠲᠡ 2024 ᠣᠨ ᠤ ᠲᠦᠷᠦᠭᠦᠦ ᠪᠦᠯᠦᠭ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠵᠠᠰᠠᠪᠤᠷᠢ | ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠪᠠ᠃ ᠲᠣᠰ ᠪᠦᠯᠦᠭ ᠲᠤ 205 ᠵᠦᠢᠯ ᠤᠨ | ᠲᠠᠷᠢᠶᠠᠯᠠᠩ ᠤᠨ ᠪᠠᠷᠢᠮᠵᠢᠶ᠎ᠠ᠂ 37 ᠵᠦᠢᠯ ᠤᠨ ᠠᠵᠤ ᠦᠢᠯᠡᠳᠪᠦᠷᠢ ᠶᠢᠨ ᠪᠠᠷᠢᠮᠵᠢᠶ᠎ᠠ᠂ 5 ᠵᠦᠢᠯ ᠤᠨ ᠦᠢᠯᠡᠴᠢᠯᠡᠭᠡᠨ | ᠤ ᠦᠢᠯᠡᠰ ᠤᠨ ᠪᠠᠷᠢᠮᠵᠢᠶ᠎ᠠ ᠪᠠ 65 ᠵᠦᠢᠯ ᠤᠨ ᠨᠡᠶᠢᠭᠡᠮ ᠤᠨ ᠠᠵᠢᠯ ᠦᠢᠯᠡᠰ ᠤᠨ ᠪᠠᠷᠢᠮᠵᠢᠶ᠎ᠠ ᠶᠢ ᠪᠠᠭᠲᠠᠭᠠᠭᠰᠠᠨ | ᠨᠡᠶᠢᠳᠡ 305 ᠵᠦᠢᠯ ᠤᠨ ᠪᠠᠷᠢᠮᠵᠢᠶ᠎ᠠ ᠶᠢ ᠲᠣᠭᠲᠠᠭᠠᠨ᠂ 7 ᠵᠦᠢᠯ ᠤᠨ ᠪᠠᠷᠢᠮᠵᠢᠶ᠎ᠠ ᠳᠤ ᠵᠠᠰᠠᠪᠤᠷᠢ ᠤᠷᠤᠭᠤᠯᠬᠤ ᠪᠠᠷ | ᠲᠥᠯᠥᠪᠯᠡᠵᠡᠢ᠃ ᠡᠭᠦᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠣᠨᠳᠣᠣᠰᠢᠭᠤᠯᠬᠤ | ᠪᠠᠷᠢᠮᠵᠢᠶ᠎ᠠ 134᠂ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 43᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ 91 ᠵᠦᠢᠯ ᠪᠠᠶᠢᠵᠤ᠂ | ᠭᠤᠣᠯᠳᠠᠭᠤ ᠴᠥᠯᠯᠡᠷᠭᠡᠭᠵᠢᠯ ᠢ ᠵᠠᠰᠠᠬᠤ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ᠂ ᠲᠥᠬᠦᠭᠡᠷᠦᠮᠵᠢ ᠶᠢ | ᠰᠢᠨᠡᠳᠬᠡᠬᠦ ᠪᠠ ᠬᠡᠷᠡᠭᠯᠡᠭᠡ ᠶᠢᠨ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠨᠡᠭᠦᠷᠡᠰᠦᠲᠥ᠋ᠷᠥᠭᠴᠢ ᠶᠢᠨ | ᠤᠯᠠ ᠮᠥᠷ᠂ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠳᠤᠯ ᠦᠭᠡᠢ ᠵᠠᠮ ᠬᠠᠷᠢᠯᠴᠠᠭ᠎ᠠ᠂ | ᠲᠣᠮᠣ ᠳ᠋ᠠᠶᠢᠲ᠋ᠠ᠂ ᠭᠠᠯ ᠤᠨᠲᠠᠷᠠᠭᠠᠬᠤ᠂ ᠵᠢᠭᠤᠯᠴᠢᠯᠠᠯ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠤ ᠬᠤᠯᠪᠣᠭᠳᠠᠪᠠ᠃ | |