ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ
ᠨᠡᠶᠢᠲᠡᠯᠡᠭᠰᠡᠨ ᠴᠠᠭ᠄
2024/6/28
     ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ      ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠬᠦ ᠠᠵᠢᠯ ᠢ ᠪᠠᠶᠢᠷᠢᠯᠠᠭᠤᠯᠤᠨ ᠴᠢᠩᠭᠠᠳᠬᠠᠵᠤ᠂ ︽ᠰᠤᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠬᠥᠮᠥᠵᠢᠭᠦᠯᠬᠦ ᠪᠠᠨ ᠴᠢᠩᠭᠠᠳᠬᠠᠵᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ ︽ᠰᠤᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠳᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶᠢᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠲᠤ ᠳᠤ ᠨᠢ ᠵᠠᠰᠠᠬᠤ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠥᠷᠭᠡᠳᠬᠡᠯ᠂ ᠬᠥᠭᠵᠢᠯᠲᠡ ᠶᠢᠨ ᠬᠥᠳᠡᠯᠭᠡᠬᠦ ᠬᠦᠴᠦᠨ ᠤ ᠨᠡᠮᠡᠭᠳᠡᠯ ᠯᠦᠭᠡ ᠨᠡᠩ ᠰᠠᠶᠢᠲᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠲᠡᠶᠢᠰᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠪᠠᠨ ᠡᠷᠴᠢᠮᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠪᠦᠬᠦᠨ ᠢ ᠦᠭᠡᠶᠢᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ ᠳᠤ ᠣᠷᠣᠯᠴᠠᠬᠤ ᠶᠢ ᠨᠢᠭᠡ ᠯᠡ ᠠᠳᠠᠯᠢ ᠪᠠᠷ ᠳᠡᠮᠵᠢᠬᠦ ᠬᠡᠷᠡᠭᠲᠡᠢ᠃ ᠪᠡᠯᠡ ᠣᠷᠣᠭᠤᠯᠬᠤ ᠳᠤ ᠳᠥᠭᠦᠮᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠦᠭᠡᠢ ᠰᠡᠯᠪᠢᠨ ᠵᠠᠰᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ︽ᠳᠤᠮᠳᠠᠳᠤ ᠤᠯᠤᠰ ᠤᠨ ᠪᠡᠯᠡ ᠣᠷᠤᠭᠤᠯᠤᠯᠲᠠ︾ ᠲᠦᠷᠦᠯ ᠲᠡᠮᠳᠡᠭᠲᠦ ᠶᠢ ᠪᠣᠶ ᠪᠣᠯᠭᠠᠵᠤ᠂ ᠵᠠᠰᠠᠪᠤᠷᠢ ᠣᠷᠣᠭᠤᠯᠤᠭᠰᠠᠨ ᠰᠢᠨ᠎ᠡ ᠬᠡᠪᠯᠡᠯ ᠤᠨ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠢ ᠨᠡᠶᠢᠲᠡᠯᠡᠵᠦ᠂ ᠭᠠᠳᠠᠭᠠᠳᠤ ᠶᠢᠨ ᠬᠠᠷᠢᠶᠠᠲᠤ ᠶᠢᠨ ᠠᠵᠢᠯ ᠳᠤ ᠳᠥᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠳᠤ᠂ ᠮᠡᠷᠭᠡᠰᠢᠯᠲᠦ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠬᠤ ᠨᠢ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠮᠡᠷᠭᠡᠰᠢᠯᠲᠦ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠬᠦ ᠬᠡᠷᠡᠭᠲᠡᠢ᠃ ᠳᠡᠮᠵᠢᠬᠦ ᠲᠦᠷᠦ ᠶᠢᠨ ᠪᠣᠳᠣᠯᠭ᠎ᠠ ᠪᠠᠨ ᠡᠷᠴᠢᠮᠵᠢᠭᠦᠯᠵᠦ᠂ ᠪᠣᠯᠪᠠᠰᠤᠷᠠᠯ ᠤᠨ ᠨᠥᠬᠦᠪᠦᠷᠢ ᠵᠡᠷᠭᠡ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠨ ᠠᠵᠢᠯ ᠣᠯᠭᠤᠬᠤ ᠦᠢᠯᠡᠴᠢᠯᠡᠭᠡ ᠪᠠᠨ ᠴᠢᠩᠭᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠥᠨ ᠪᠠ ᠠᠵᠢᠯ ᠤᠨ ᠪᠠᠶᠢᠷᠢ ᠶᠢᠨ ᠵᠣᠬᠢᠴᠠᠯ᠂ ᠬᠠᠩᠭᠠᠯᠭ᠎ᠠ ᠬᠡᠷᠡᠭᠴᠡᠭᠡᠨ ᠤ ᠵᠣᠬᠢᠴᠠᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ᠂ ᠰᠤᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠦ᠂ ᠣᠷᠣᠨ ᠲᠤᠭ᠎ᠠ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ ᠬᠥᠯᠥᠰᠦ ᠣᠯᠭᠤᠮᠵᠢ ᠣᠯᠭᠤᠬᠤ ᠶᠢ ᠨᠠᠶᠢᠳᠠᠪᠤᠷᠢᠵᠢᠭᠤᠯᠵᠤ᠂ ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠬᠤ ᠪᠥᠭᠡᠳ ᠠᠰᠠᠷᠠᠨ ᠰᠤᠪᠢᠯᠠᠬᠤ ᠠᠵᠢᠯ ᠢ ᠲᠣᠭᠲᠠᠭᠤᠨ ᠢᠶᠠᠷ ᠬᠢᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠳᠠᠯᠳᠠ ᠬᠡᠮ ᠢ ᠴᠠᠭ ᠲᠤᠬᠠᠢ ᠳᠤ ᠨᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠳᠦᠷᠢᠮ ᠤᠨ ᠲᠠᠶᠢᠯᠤᠮᠵᠢ ᠬᠢᠵᠦ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号