ᠳᠡᠭᠡᠷ᠎ᠡ ᠲᠣᠬᠤᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠬᠠᠤᠯᠢ ᠴᠠᠭᠠᠵᠠ ᠬᠠᠤᠯᠢ ᠲᠣᠭᠲᠠᠭᠠᠯ ᠢ  ᠲᠣᠰᠬᠤᠨ ᠤ ᠠᠷᠠᠳ ᠤᠨ ᠵᠥᠪᠯᠡᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
     ᠪᠦᠬᠦ ᠠᠷᠠᠳ ᠢᠶᠠᠷ ᠢᠶᠠᠨ ︽ᠬᠠᠤᠯᠢ ᠶᠢ ᠰᠤᠷᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠷᠢᠶ᠎ᠠ ᠣᠷᠣᠨ ᠤ ᠲᠣᠰᠬᠤᠨ ᠤ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠳᠡᠭᠡᠷ᠎ᠡ ᠲᠣᠬᠤᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠳᠡᠭᠡᠷ᠎ᠡ ᠲᠣᠬᠤᠢ ᠰᠢᠶᠠᠩ ᠤᠨ ᠵᠠᠰᠠᠭ ᠤᠨ ᠣᠷᠳᠣᠨ ᠲᠠᠢ ᠬᠠᠮᠲᠤᠷᠠᠨ ᠬᠠᠤᠯᠢ ᠴᠠᠭᠠᠵᠠ ᠬᠠᠤᠯᠢ ᠲᠣᠭᠲᠠᠭᠠᠯ ᠢ ᠲᠣᠰᠬᠤᠨ ᠤ ᠠᠷᠠᠳ ᠤᠨ ᠵᠥᠪᠯᠡᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠭᠤᠷᠪᠠᠨ ᠲᠣᠰᠬᠤᠨ ᠤ ᠠᠷᠠᠳ ᠤᠨ ᠵᠥᠪᠯᠡᠯ ᠢ ᠬᠠᠮᠤᠷᠴᠤ᠂ ᠤᠬᠠᠭᠤᠯᠭ᠎ᠠ ᠶᠢᠨ ᠳᠡᠪᠲᠡᠷ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠢᠴᠢ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠤᠬᠠᠭᠤᠯᠪᠠ᠃       ᠲᠣᠰᠬᠤᠨ ᠤ ᠠᠷᠠᠳ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠤᠬᠠᠭᠤᠯᠭ᠎ᠠ ᠨᠢ ᠲᠡᠳᠡᠨ ᠤ ᠬᠠᠤᠯᠢᠵᠢᠯ ᠤᠨ ᠤᠬᠠᠮᠰᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠬᠠᠤᠯᠢ ᠶᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢᠵᠢᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠵᠠᠢ᠃ ᠥᠪᠡᠷ ᠢᠶᠠᠨ ᠬᠠᠤᠯᠢ ᠴᠠᠭᠠᠵᠠ ᠰᠤᠷᠬᠤ ᠪᠠᠷ ᠪᠠᠷᠠᠬᠤ ᠦᠭᠡᠢ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠲᠦᠷᠦᠯ ᠰᠠᠳᠤᠨ ᠨᠠᠶᠢᠵᠠ ᠨᠥᠬᠦᠳ ᠲᠤ ᠤᠯᠠᠮᠵᠢᠯᠠᠵᠤ᠂ ᠬᠠᠷᠢᠶ᠎ᠠ ᠣᠷᠣᠨ ᠤ ᠠᠮᠤᠷ ᠲᠦᠪᠰᠢᠨ ᠡᠶ᠎ᠡ ᠵᠣᠬᠢᠴᠠᠩᠭᠤᠢ ᠶᠢ ᠬᠠᠮᠲᠤ ᠪᠠᠷ ᠬᠠᠮᠠᠭᠠᠯᠠᠬᠤ ᠬᠡᠷᠡᠭᠲᠡᠢ ᠭᠡᠪᠡ᠃
     ᠲᠣᠰ ᠤᠳᠠᠭᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ᠦᠨᠳᠦᠰᠦᠨ ᠱᠠᠲᠤᠨ ᠤ ᠲᠣᠰᠬᠤᠨ ᠤ ᠠᠷᠠᠳ ᠤᠨ ᠵᠥᠪᠯᠡᠯ ᠤᠨ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠭᠰᠠᠨ ᠢᠶᠠᠷ ᠪᠠᠷᠠᠬᠤ ᠦᠭᠡᠢ᠂ ᠺᠠᠳ᠋ᠷ ᠪᠣᠯᠣᠨ ᠣᠯᠠᠨ ᠲᠦᠮᠡᠨ ᠤ ᠬᠠᠷᠢᠴᠠᠭ᠎ᠠ ᠶᠢ ᠨᠠᠩ ᠨᠢᠭᠲᠠᠷᠠᠭᠤᠯᠵᠤ᠂ ᠲᠣᠰᠬᠤᠨ ᠤ ᠠᠷᠠᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠳᠡᠭᠡᠷ᠎ᠡ ᠲᠣᠬᠤᠢ ᠰᠢᠶᠠᠩ ᠤᠨ ᠬᠠᠤᠯᠢ ᠴᠠᠭᠠᠵᠠ ᠶᠢᠨ ᠭᠠᠵᠠᠷ ᠬᠠᠤᠯᠢᠵᠢᠯ ᠤᠨ ᠤᠬᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠲᠣᠰᠬᠤᠨ ᠤ ᠠᠷᠠᠳ ᠤᠨ ᠬᠠᠤᠯᠢᠵᠢᠯ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠬᠥᠮᠥᠨ ᠪᠦᠬᠦᠨ ᠬᠠᠤᠯᠢ ᠶᠢ ᠮᠡᠳᠡᠬᠦ᠂ ᠴᠠᠭ ᠢᠮᠠᠭᠲᠠ ᠬᠠᠤᠯᠢ ᠶᠢ ᠰᠠᠬᠢᠬᠤ᠂ ᠭᠠᠵᠠᠷ ᠪᠣᠯᠭᠠᠨ ᠳᠤ ᠬᠠᠤᠯᠢ ᠶᠢ ᠡᠷᠬᠢᠮᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号