ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠴᠡᠭ᠂ ᠬᠥᠬᠡᠬᠤᠲᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 31 ᠤ ᠡᠳᠦᠷ᠂ ᠦᠴᠦᠸᠠᠨ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠬᠤ ᠵᠢᠱᠢᠶ᠎ᠡ ᠦᠵᠡᠭᠦᠯᠬᠦ ᠴᠡᠭ᠂ ᠬᠥᠬᠡᠬᠤᠲᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ ᠤᠨ ᠫᠠᠶᠢᠰᠠ ᠡᠯᠭᠦᠬᠦ ᠶᠣᠰᠣᠯᠠᠯ ᠦᠴᠦᠸᠠᠨ ᠰᠢᠶᠠᠨ ᠤ ᠰᠠᠨ ᠾᠧ ᠵᠢᠩ ᠲᠣᠰᠬᠤᠨ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠱᠢ ᠰᠢᠩ ᠴᠢᠶᠠᠩ ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠡᠯᠭᠦᠬᠦ ᠶᠣᠰᠣᠯᠠᠯ ᠢ ᠡᠷᠭᠢᠯᠡᠪᠡ᠃ ᠶᠣᠰᠣᠯᠠᠯ ᠳᠡᠭᠡᠷ᠎ᠡ᠂ ᠴᠡᠷᠢᠭ ᠠᠴᠠ ᠬᠠᠯᠠᠭᠳᠠᠭᠰᠠᠳ ᠶᠠᠩ ᠰᠢᠤ ᠳ᠋ᠧ ᠶᠢᠨ ᠡᠷᠬᠢᠯᠡᠭᠰᠡᠨ ᠥᠪᠥᠷ ᠮᠣᠩᠭᠤᠯ ᠤᠨ ᠴᠠᠩ ᠷᠦᠢ ᠸᠧᠢ ᠲᠠᠷᠢᠶᠠᠯᠠᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠴᠡᠷᠢᠭ ᠠᠴᠠ ᠬᠠᠯᠠᠭᠳᠠᠭᠰᠠᠳ ᠤᠨ ᠦᠢᠯᠡᠰ ᠪᠣᠰᠬᠠᠬᠤ ᠵᠢᠱᠢᠶ᠎ᠡ ᠦᠵᠡᠭᠦᠯᠬᠦ ᠴᠡᠭ᠂ ᠬᠥᠬᠡᠬᠤᠲᠠ ᠶᠢᠨ ᠴᠡᠷᠢᠭ ᠢᠶᠠᠨ ᠬᠦᠷᠢᠶᠡᠯᠡᠬᠦ ᠦᠢᠯᠡᠴᠢᠯᠡᠭᠡᠨ ᠤ ᠴᠡᠭ ᠤᠨ ᠫᠠᠶᠢᠰᠠ ᠢᠯᠡᠷᠬᠡᠶᠢᠯᠡᠯ ᠢ ᠨᠡᠮᠡᠵᠦ ᠡᠯᠭᠦᠪᠡ᠃
     ᠬᠤᠶᠢᠰᠢᠳᠠ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠪᠥᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ᠡᠭᠦᠨ ᠤ ᠬᠠᠮᠲᠤ ᠪᠥᠬᠦ ᠰᠢᠶᠠᠨ ᠤ ᠡᠯ᠎ᠡ ᠱᠠᠲᠤᠨ ᠤ ᠰᠠᠯᠠᠭ᠎ᠠ ᠮᠥᠴᠢᠷ ᠪᠣᠯᠣᠨ ᠥᠷᠭᠡᠨ ᠣᠯᠠᠨ ᠲᠦᠮᠡᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠳᠤ ᠢᠳᠡᠪᠬᠢᠲᠡᠢ ᠣᠷᠣᠯᠴᠠᠨ ᠳᠡᠮᠵᠢᠵᠦ᠂ ᠴᠡᠷᠢᠭ ᠠᠴᠠ ᠬᠠᠯᠠᠭᠳᠠᠭᠰᠠᠳ ᠲᠤ ᠬᠠᠮᠲᠤ ᠪᠠᠷ ᠨᠠᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃  ︵ᠰᠣᠷᠪᠤᠯᠵᠢᠯᠠᠬᠴᠢ ᠵᠣᠤ ᠯᠧ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号