5 ᠰᠠᠷ᠎ᠠ ᠶᠢᠨ 30 ᠤ ᠡᠳᠦᠷ᠂ ᠮᠠᠨ ᠤ ᠰᠢᠶᠠᠨ 2024 ᠣᠨ ᠤ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ | ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ︽ᠦᠴᠦᠸᠠᠨ ᠰᠢᠶᠠᠨ ᠤ ᠰᠣᠷᠣᠭᠴᠢ ᠡᠯᠰᠡᠬᠦ ᠵᠥᠪᠯᠡᠯ ᠤᠨ | ᠤᠳᠤᠷᠢᠳᠬᠤ ᠳᠤᠭᠤᠶᠢᠯᠠᠩ ᠵᠢᠴᠢ ᠡᠭᠦᠷᠭᠡ ᠬᠠᠷᠢᠭᠤᠴᠠᠯᠭ᠎ᠠ ᠶᠢᠨ ᠲᠤᠬᠠᠢ ᠮᠡᠳᠡᠭᠳᠡᠯ︾ ᠢ ᠤᠩᠰᠢᠨ ᠨᠡᠶᠢᠲᠡᠯᠡᠵᠦ᠂ | ᠳᠡᠭᠡᠳᠦ ᠱᠠᠲᠤᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠭᠰᠠᠨ ᠪᠥᠭᠡᠳ ᠮᠠᠨ ᠤ ᠰᠢᠶᠠᠨ ᠤ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠡᠯᠡᠳᠬᠡᠯ ᠠᠵᠢᠯ ᠤᠨ ᠦᠨᠳᠦᠰᠦᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠨᠡ ᠵᠢᠯ ᠤᠨ ᠮᠠᠨ ᠤ ᠰᠢᠶᠠᠨ ᠤ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠤᠭᠤᠴᠠᠭᠠᠨ ᠳᠠᠬᠢ ᠡᠯ᠎ᠡ ᠵᠦᠢᠯ ᠤᠨ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠬᠤᠷᠠᠯ ᠳᠤ ᠣᠷᠣᠯᠴᠠᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ᠂ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠪᠣᠯ | ᠮᠠᠨ ᠤ ᠰᠢᠶᠠᠨ ᠪᠣᠯᠣᠨ ᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ | ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠲᠤᠷᠠᠨ ᠰᠤᠷᠭᠠᠭᠤᠯᠢ ᠡᠷᠬᠢᠯᠡᠭᠰᠡᠨ ᠠᠴᠠ ᠨᠠᠰᠢᠬᠢ | ᠠᠩᠬᠠᠳᠤᠭᠠᠷ ᠤᠳᠠᠭᠠᠨ ᠤ ᠶᠡᠭᠡ ᠰᠢᠯᠭᠠᠯᠲᠠ ᠮᠥᠨ᠂ ᠪᠠᠰᠠ ᠴᠤ ᠮᠠᠨ ᠤ ᠰᠢᠶᠠᠨ ᠤ ᠰᠤᠷᠭᠠᠨ ᠬᠥᠮᠦᠵᠢᠯ ᠤᠨ ᠶᠠᠰᠤ | ᠴᠢᠨᠠᠷ ᠤᠨ ᠪᠣᠳᠠᠲᠠᠢ ᠦᠷ᠎ᠡ ᠪᠦᠲᠦᠮᠵᠢ ᠣᠯᠬᠤ ᠵᠠᠩᠭᠢᠯᠠᠭ᠎ᠠ ᠶᠢᠨ ᠰᠢᠯᠭᠠᠯᠲᠠ ᠮᠥᠨ᠃ ᠮᠠᠨ ᠤ ᠰᠢᠶᠠᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠯᠭᠠᠯᠲᠠ ᠶᠢᠨ ᠴᠡᠭ ᠤᠨ ᠰᠤᠷᠭᠠᠭᠤᠯᠢ ᠡᠷᠬᠡᠪᠰᠢ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠢᠭᠡ ᠬᠥᠯᠭᠡ ᠰᠢᠲᠠᠷ᠎ᠠ ᠶᠢᠨ ᠦᠵᠡᠯ | ᠰᠠᠨᠠᠭ᠎ᠠ ᠶᠢ ᠭᠦᠢᠴᠡᠳ ᠲᠠᠨᠢᠵᠤ᠂ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠭᠤᠣᠯᠳᠠᠯᠭ᠎ᠠ ᠶᠢ ᠴᠢᠩᠭ᠎ᠠ ᠠᠳᠬᠤᠨ᠂ ᠨᠠᠷᠢᠨ ᠨᠢᠮᠪᠠᠢ ᠪᠠᠶᠢᠷᠢᠯᠠᠭᠤᠯᠵᠤ᠂ ᠰᠢᠯᠭᠠᠯᠲᠠ ᠶᠢᠨ ᠶᠠᠪᠤᠳᠠᠯ ᠤᠨ | ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠬᠢᠵᠦ᠂ | ᠰᠢᠯᠭᠠᠭᠤᠯᠤᠭᠴᠢ ᠳᠤ ᠰᠡᠳᠬᠢᠯ ᠲᠠᠯᠪᠢᠨ ᠦᠢᠯᠡᠴᠢᠯᠡᠵᠦ᠂ ᠥᠷᠭᠡᠨ ᠣᠯᠠᠨ ᠰᠢᠯᠭᠠᠭᠤᠯᠤᠭᠴᠢ ᠳᠤ ᠡᠷᠬᠡ ᠲᠡᠭᠰᠢ᠂ | ᠲᠥᠪ ᠭᠤᠤᠯᠴᠢ ᠰᠢᠯᠭᠠᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠵᠤ᠂ ᠮᠠᠨ ᠤ ᠰᠢᠶᠠᠨ ᠤ 2024 | ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ᠂ ᠳᠤᠮᠳᠠᠳᠤ ᠰᠤᠷᠭᠠᠭᠤᠯᠢ ᠳᠤ | ᠰᠣᠷᠣᠭᠴᠢ ᠡᠯᠰᠡᠬᠦ ᠡᠯ᠎ᠡ ᠵᠦᠢᠯ ᠤᠨ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠪᠠᠶᠢᠬᠤ ᠶᠢ | ᠦᠨᠡᠨ ᠬᠦ ᠪᠠᠲᠤᠯᠠᠵᠤ᠂ ᠪᠥᠬᠦ ᠰᠢᠶᠠᠨ ᠤ ᠠᠷᠠᠳ ᠲᠦᠮᠡᠨ ᠳᠤ ︽ᠠᠮᠤᠷ ᠲᠦᠪᠰᠢᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ︾ ᠶᠢᠨ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠬᠡᠷᠡᠭᠲᠡᠢ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠰᠢᠶᠠᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ ᠶᠠᠪᠤᠭᠳᠠᠵᠤ᠂ ᠨᠡᠶᠢᠲᠡ 659 | ᠰᠢᠯᠭᠠᠭᠤᠯᠤᠭᠴᠢ ᠣᠷᠣᠯᠴᠠᠬᠤ ᠪᠣᠯᠣᠨ᠎ᠠ᠃ ᠮᠠᠨ ᠤ ᠰᠢᠶᠠᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠭᠠᠵᠠᠷ ᠵᠦᠢ᠂ ᠠᠮᠢᠳᠤ ᠪᠣᠳᠠᠰ ᠤᠨ ᠰᠤᠷᠤᠯᠭ᠎ᠠ ᠶᠢᠨ ᠬᠢᠷᠢ ᠲᠦᠪᠰᠢᠨ ᠤ ᠬᠢᠷᠢ ᠬᠡᠮ ᠤᠨ ᠴᠢᠨᠠᠷᠲᠠᠢ ᠰᠢᠯᠭᠠᠯᠲᠠ ᠶᠢ 6 | ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ ᠶᠠᠪᠤᠭᠳᠠᠭᠤᠯᠵᠤ᠂ ᠨᠡᠶᠢᠲᠡ 565 ᠰᠢᠯᠭᠠᠭᠤᠯᠤᠭᠴᠢ | ᠣᠷᠣᠯᠴᠠᠬᠤ ᠪᠣᠯᠣᠨ᠎ᠠ᠃ ᠳᠤᠮᠳᠠᠳᠤ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ 6 ᠰᠠᠷ᠎ᠠ ᠶᠢᠨ 26 ᠤ | ᠡᠳᠦᠷ ᠠᠴᠠ 28 ᠤ ᠡᠳᠦᠷ ᠪᠣᠯᠲᠠᠯ᠎ᠠ ᠶᠠᠪᠤᠭᠳᠠᠵᠤ᠂ ᠨᠡᠶᠢᠲᠡ 611 ᠰᠢᠯᠭᠠᠭᠤᠯᠤᠭᠴᠢ ᠣᠷᠣᠯᠴᠠᠬᠤ ᠪᠣᠯᠣᠨ᠎ᠠ᠃ | ︵ᠰᠣᠷᠪᠤᠯᠵᠢᠯᠠᠬᠴᠢ ᠯᠢᠦᠢ ᠫᠢᠩ ᠫᠢᠩ ᠴᠡᠨ ᠪᠦᠧᠸ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |