ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/4
     ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯ ᠤᠨ ᠬᠤᠯᠪᠤᠭᠠᠯᠠᠨ ᠬᠥᠳᠡᠯᠦᠯᠴᠡᠬᠦ ᠶᠢ ᠦᠨᠡᠨ ᠬᠦ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠨᠡᠶᠢᠯᠡᠮᠡᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 5 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠠᠷᠠᠳ ᠤᠨ ᠰᠢᠭᠦᠬᠦ ᠬᠤᠷᠢᠶ᠎ᠠ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ ︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ︽ᠦᠴᠦᠸᠠᠨ ᠰᠢᠶᠠᠨ ᠤ ︿ᠳᠥᠷᠪᠡᠨ ᠭᠠᠵᠠᠷ ᠨᠢᠭᠡ ᠲᠢᠩᠬᠢᠮ﹀ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢᠨ ᠠᠵᠢᠯ ᠤᠨ ᠲᠥᠰᠥᠯ︾ ᠢ ᠦᠨᠳᠦᠰᠦᠯᠡᠨ᠂ ᠪᠥᠬᠦ ᠰᠢᠶᠠᠨ ᠤ ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯ ᠳᠤ ᠤᠯᠠᠮ ᠨᠢᠭᠡ ᠠᠯᠬᠤᠮ ᠠᠵᠢᠯ ᠤᠨ ᠪᠠᠶᠢᠷᠢᠯᠠᠭᠤᠯᠤᠯᠲᠠ ᠬᠢᠵᠦ᠂ ᠬᠠᠤᠯᠢ ᠴᠠᠭᠠᠵᠠ ᠶᠢᠨ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠠᠷᠠᠳ ᠤᠨ ᠰᠢᠭᠦᠬᠦ ᠲᠢᠩᠬᠢᠮ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠦᠷᠭᠦᠯᠵᠢᠯᠡᠨ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠣᠷᠭᠠᠨᠢᠭ ᠢᠶᠠᠷ ᠵᠣᠯᠭᠠᠭᠤᠯᠬᠤ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠪᠠ᠃ ᠡᠭᠦᠨ ᠤ ᠬᠠᠮᠲᠤ ᠬᠤᠷᠠᠯ ᠳᠤ ᠣᠷᠣᠯᠴᠠᠭᠰᠠᠨ ᠡᠯ᠎ᠡ ᠲᠥᠯᠥᠭᠡᠯᠡᠭᠴᠢᠳ ᠡᠳᠦᠷ ᠲᠤᠲᠤᠮ ᠤᠨ ᠠᠵᠢᠯ ᠤᠨ ᠳᠤᠮᠳᠠᠬᠢ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠰᠡᠨ ᠪᠠᠶᠢᠳᠠᠯ ᠲᠠᠢ ᠪᠠᠨ ᠤᠶᠠᠯᠳᠤᠭᠤᠯᠤᠨ ᠲᠤᠷᠰᠢᠯᠭ᠎ᠠ ᠪᠠᠨ ᠬᠤᠪᠢᠶᠠᠯᠴᠠᠬᠤ ᠶᠢᠨ ᠬᠠᠮᠲᠤ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ ᠲᠠᠷᠠᠭᠠᠴᠢ ᠶᠢᠨ ᠠᠯᠬᠤᠮ ᠳᠤ ᠵᠣᠬᠢᠴᠠᠭᠤᠯᠤᠨ ᠬᠠᠮᠵᠢᠯᠴᠠᠵᠤ᠂ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ︽ᠳᠥᠷᠪᠡᠨ ᠭᠠᠵᠠᠷ ᠨᠢᠭᠡ ᠲᠢᠩᠬᠢᠮ︾ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠲᠤᠬᠠᠢ ᠭᠦᠨᠵᠡᠭᠡᠢ ᠰᠣᠯᠢᠯᠴᠠᠪᠠ᠃      ᠬᠤᠷᠠᠯ ᠠᠴᠠ᠂ ︽ᠲᠦᠷᠪᠡᠨ ᠭᠠᠵᠠᠷ ᠨᠢᠭᠡ ᠲᠢᠩᠬᠢᠮ︾ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠲᠣᠬᠢᠷᠠᠭᠤᠯᠬᠤ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠠᠭᠤᠯᠭ᠎ᠠ᠂ ᠠᠮᠤᠷ ᠲᠦᠪᠰᠢᠨ ᠤ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠣᠯᠭᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠲᠣᠬᠢᠷᠠᠭᠤᠯᠬᠤ ᠠᠵᠢᠯ ᠳᠤ ᠢᠳᠡᠪᠬᠢᠲᠡᠢ ᠠᠰᠢᠭᠲᠠᠢ ᠨᠥᠬᠦᠴᠡᠯ ᠪᠣᠯᠣᠨ ᠪᠠᠲᠤᠯᠠᠭ᠎ᠠ ᠶᠢ ᠡᠭᠦᠳᠬᠦ ᠬᠡᠷᠡᠭᠲᠡᠢ᠃ ᠠᠵᠢᠯ ᠤᠨ ᠡᠭᠦᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠵᠤ ᠵᠢᠯᠤᠭᠤᠳᠬᠤ ᠪᠠᠨ ᠴᠢᠩᠭᠠᠳᠬᠠᠵᠤ᠂ ᠬᠤᠯᠪᠤᠭᠠᠯᠠᠨ ᠬᠥᠳᠡᠯᠦᠯᠴᠡᠵᠦ ᠬᠤᠯᠪᠤᠭᠠᠯᠠᠨ ᠲᠣᠬᠢᠷᠠᠭᠤᠯᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠣᠯᠠᠨ ᠡᠰᠢᠲᠦ ᠡᠶᠡᠳᠡᠭᠦᠯᠭᠡ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠦᠷᠭᠦᠯᠵᠢᠯᠡᠨ ᠪᠠᠷᠢᠮᠲᠠᠯᠠᠨ ᠬᠥᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ︽ᠲᠦᠷᠪᠡᠨ ᠭᠠᠵᠠᠷ ᠨᠢᠭᠡ ᠲᠢᠩᠬᠢᠮ︾ ᠤᠨ ᠬᠤᠯᠪᠤᠭᠠᠯᠠᠨ ᠲᠣᠬᠢᠷᠠᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠠᠷᠢᠶ᠎ᠠ ᠣᠷᠣᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号