ᠦᠴᠦᠸᠠᠨ ᠰᠢᠶᠠᠨ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/4
     ᠡᠨᠡ ᠵᠢᠯ ᠤᠨ 6 ᠰᠠᠷ᠎ᠠ ᠪᠣᠯ ᠪᠦᠬᠦ ᠤᠯᠤᠰ ᠤᠨ 23 ᠳ᠋ᠤᠭᠠᠷ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠣᠨ᠎ᠠ᠂ ᠭᠤᠣᠯ ᠰᠡᠳᠦᠪ ᠨᠢ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ — ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠪᠣᠯᠣᠨ᠎ᠠ᠃ 6 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠤ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠨᠢ ᠵᠢᠢ ᠳ᠋ᠦᠩ ᠱᠦᠢᠨᠢ ᠶᠢᠨ ᠬᠢᠵᠠᠭᠠᠷᠲᠤ ᠺᠣᠮᠫᠠᠨᠢ ᠳᠤ ᠶᠠᠪᠤᠭᠳᠠᠵᠤ᠂ ᠠᠮᠤᠷ ᠲᠦᠪᠰᠢᠨ ᠤ ᠮᠡᠳᠡᠯᠭᠡ ᠶᠢ ᠲᠥᠪᠯᠡᠷᠡᠭᠦᠯᠦᠨ ᠤᠬᠠᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠠᠩᠬᠠᠷᠴᠤ᠂ ᠪᠦᠬᠦ ᠠᠷᠠᠳ ᠢᠶᠠᠷ ᠢᠶᠠᠨ ᠠᠮᠤᠷ ᠲᠦᠪᠰᠢᠨ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠵᠤ᠂ ᠪᠦᠬᠦ ᠠᠷᠠᠳ ᠤᠨ ᠠᠮᠤᠷ ᠲᠦᠪᠰᠢᠨ ᠤ ᠬᠡᠪ ᠴᠢᠨᠠᠷ ᠪᠣᠯᠣᠨ ᠨᠡᠶᠢᠭᠡᠮ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠵᠢᠶᠧ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ ᠲᠣᠰ ᠤᠳᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠰᠢᠶᠠᠩ ᠪᠠᠯᠭᠠᠰᠤᠨ ᠤ ᠲᠥᠯᠥᠭᠡᠯᠡᠭᠴᠢ᠂ ᠰᠠᠯᠠᠭ᠎ᠠ ᠮᠥᠴᠢᠷ ᠤᠨ ᠲᠥᠯᠥᠭᠡᠯᠡᠭᠴᠢ᠂ ᠠᠵᠤ ᠠᠬᠤᠶᠢᠯᠠᠯ ᠤᠨ ᠲᠥᠯᠥᠭᠡᠯᠡᠭᠴᠢ ᠨᠠᠷ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠶᠣᠰᠣᠯᠠᠯ ᠤᠨ ᠲᠠᠷᠠᠭ᠎ᠠ᠂ ᠤᠯᠠᠨ ᠢᠶᠠᠷ ᠢᠶᠠᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠡᠯᠭᠦᠭᠡ ᠪᠢᠴᠢᠭᠡᠰᠦ ᠳᠡᠭᠡᠷ᠎ᠡ ᠠᠮᠠᠯᠠᠯᠲᠠ ᠶᠢᠨ ᠭᠠᠷ ᠤᠨ ᠦᠰᠦᠭ ᠵᠢᠷᠤᠭᠰᠠᠨ ᠪᠥᠭᠡᠳ ᠲᠤᠬᠠᠢ ᠶᠢᠨ ᠲᠠᠯᠠᠪᠠᠢ ᠳᠤ ᠠᠮᠤᠷ ᠲᠦᠪᠰᠢᠨ ᠤ ᠰᠣᠶᠣᠯ ᠤᠨ ᠦᠵᠡᠭᠦᠯᠦᠯᠭᠡ ᠶᠢᠨ ᠰᠠᠮᠪᠠᠷ᠎ᠠ ᠶᠢ ᠲᠣᠭᠤᠷᠢᠨ ᠦᠵᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠭᠤᠣᠯᠯᠠᠨ ᠡᠷᠭᠢᠯᠡᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠶᠡᠭᠡ ᠬᠠᠶᠢᠷ᠎ᠠ ᠬᠢᠵᠠᠭᠠᠷ ᠦᠭᠡᠢ ᠠᠪᠤᠷᠠᠨ ᠲᠤᠰᠠᠯᠠᠬᠤ ᠠᠩᠭᠢ ᠵᠡᠷᠭᠡ ᠰᠠᠯᠠᠭ᠎ᠠ ᠮᠥᠴᠢᠷ ᠳᠠᠭᠠᠭᠠᠴᠢᠯᠠᠨ ᠡᠷᠭᠢᠯᠡᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ 20 ᠬᠡᠰᠡᠭ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠲᠣᠬᠢᠷᠠᠭᠤᠯᠤᠭᠰᠠᠨ ᠪᠥᠭᠡᠳ ᠠᠵᠤ ᠠᠬᠤᠶᠢᠯᠠᠯ ᠤᠨ ᠠᠵᠢᠯᠲᠠᠳ ᠲᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠥᠬᠦ ᠨᠡᠶᠢᠭᠡᠮ ᠤᠨ ᠠᠶᠤᠯ ᠠᠴᠠ ᠵᠠᠶᠢᠯᠠᠭᠤᠯᠤᠨ ᠠᠪᠤᠷᠠᠨ ᠲᠤᠰᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号