ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠳᠤ ᠬᠤᠪᠢᠷᠠᠯᠲᠠ ᠲᠠᠢ ᠪᠣᠯᠪᠠ
ᠨᠡᠶᠢᠲᠡᠯᠡᠭᠰᠡᠨ ᠴᠠᠭ᠄
2024/6/4
     2024 ᠣᠨ ᠠᠴᠠ ᠡᠬᠢᠯᠡᠨ᠂ ᠮᠠᠨ ᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤ ᠠᠶᠢᠮᠠᠭ ᠬᠤᠳᠠ ᠶᠢᠨ ᠱᠠᠲᠤ ᠶᠢᠨ ᠬᠠᠮᠢᠶᠠᠷᠤᠯᠲᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠪᠦᠭᠦ ᠣᠷᠣᠨ ᠳᠤ ᠨᠢᠭᠡᠳᠦᠯᠲᠡᠢ ᠪᠠᠶᠢᠯᠭᠠᠬᠤ ᠪᠠᠷ ᠭᠤᠣᠯ ᠪᠣᠯᠭᠠᠨ᠂ ᠰᠠᠭᠤᠷᠢ ᠮᠥᠩᠭᠦ ᠶᠢᠨ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠪᠠᠷ ᠰᠠᠭᠤᠷᠢ ᠪᠤᠯᠭᠠᠵᠤ᠂ ᠰᠠᠭᠤᠷᠢ ᠮᠥᠩᠭᠦ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠭᠦ ᠪᠠᠷ ᠬᠠᠷᠠᠯᠲᠠ ᠪᠣᠯᠭᠠᠨ᠂ ᠮᠡᠳᠡᠭᠡ ᠵᠠᠩᠭᠢ ᠶᠢᠨ ᠰᠢᠰᠲ᠋ᠧᠮ ᠤᠨ ᠴᠢᠳᠠᠮᠵᠢ ᠶᠢ ᠲᠡᠭᠦᠯᠳᠡᠷᠵᠢᠭᠦᠯᠬᠦ ᠪᠠᠷ ᠲᠦᠰᠢᠭ ᠪᠤᠯᠭᠠᠵᠤ᠂ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃      ᠪᠦᠭᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠦᠷᠢ ᠶᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠭᠡ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠠᠶᠢᠮᠠᠭ ᠬᠤᠲᠠ ᠵᠢᠴᠢ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠭᠦᠷᠭᠡᠯᠡᠵᠦ ᠪᠦᠬᠦᠢ ᠡᠳ᠋ ᠤᠨ ᠵᠠᠰᠠᠭ ᠤᠨ ᠨᠥᠬᠦᠪᠦᠷᠢ ᠶᠢ ᠴᠠᠭ ᠲᠤᠬᠠᠢ ᠳᠤᠨᠢ ᠠᠶᠢᠮᠠᠭ ᠬᠤᠲᠠ ᠶᠢᠨ ᠱᠠᠲᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠲᠠᠩᠰᠠᠨ ᠡᠷᠦᠭᠡ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠭᠦᠨ᠎ᠡ᠃      ᠣᠳᠣᠬᠠᠨ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡᠨᠲᠡ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ 43.64 ᠳ᠋ᠦᠩᠰᠢᠭᠤᠷ ᠲᠥᠭᠦᠷᠢᠭ ᠪᠠᠭᠤᠯᠭᠠᠪᠠ᠃ᠡᠭᠦᠨ ᠳᠤ᠂ ︽ᠲᠤᠰᠬᠠᠢ ᠡᠷᠦᠭᠡ ᠶᠢᠨ ᠰᠢᠭᠤᠳ ᠨᠡᠪᠲᠡᠷᠡᠬᠦ ᠲᠡᠷᠭᠡ︾ ᠪᠠᠷ ᠠᠶᠢᠮᠠᠭ ᠬᠤᠲᠠ ᠳᠤ 16 ᠳ᠋ᠦᠩᠰᠢᠭᠤᠷ ᠲᠥᠭᠦᠷᠢᠭ ᠰᠠᠯᠭᠠᠨ ᠥᠭᠪᠡ᠃ 2024 ᠣᠨ ᠤ ᠨᠢᠭᠡᠳᠦᠭᠡᠷ ᠤᠯᠠᠷᠢᠯ ᠳᠤ᠂ ᠪᠦᠭᠦ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 31.03 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠤᠯᠭ᠎ᠠ 26.01 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠬᠤᠭᠤᠴᠠᠭᠠᠨ ᠤ ᠣᠷᠣᠯᠭ᠎ᠠ ᠵᠠᠷᠤᠯᠭ᠎ᠠ ᠶᠢᠨ ᠦᠯᠡᠳᠡᠪᠦᠷᠢ 5.02 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠣᠷᠣᠨ ᠤ ᠬᠤᠲᠠ ᠬᠥᠳᠡᠭᠡ ᠶᠢᠨ 280.11 ᠲᠦᠮᠡᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠡᠶᠡᠯᠡᠭᠦᠯᠪᠡ᠃      ︽ᠪᠢᠳᠡ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠪᠠ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠰᠠᠭᠤᠷᠢ ᠮᠥᠩᠭᠦ ᠶᠢᠨ ᠠᠵᠢᠯᠯᠠᠭᠠᠨ ᠤ ᠲᠦᠭᠰᠢᠭᠦᠷᠢ ᠶᠢ ᠰᠡᠷᠭᠡᠶᠢᠯᠡᠵᠦ᠂ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号