ᠦᠰᠦᠭ ᠪᠢᠴᠢᠭ ᠤᠨ ᠲᠠᠶᠢᠯᠤᠮᠵᠢ᠄ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/4
   ᠨᠢᠭᠡ᠂ ᠤᠷᠢᠬᠤ ᠡᠲᠡᠭᠡᠳ ᠵᠢᠴᠢ ᠨᠥᠬᠦᠴᠡᠯ    ︵ᠨᠢᠭᠡ︶ ᠪᠠᠶᠢᠩᠭᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠵᠤ᠂ ᠠᠵᠢᠯ ᠣᠯᠬᠤ ᠬᠦᠰᠡᠯ ᠡᠷᠡᠮᠡᠯᠵᠡᠯ ᠪᠠ ᠠᠵᠢᠯ ᠣᠯᠬᠤ ᠴᠢᠳᠠᠪᠤᠷᠢ ᠲᠠᠢ ᠪᠠᠶᠢᠵᠤ᠂ ᠠᠵᠢᠯ ᠣᠯᠬᠤ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠠᠵᠢᠯ ᠣᠯᠬᠤ ᠳᠤ ᠬᠦᠴᠢᠷᠲᠡᠢ ᠬᠥᠮᠥᠰ᠃    ︵ᠬᠤᠶᠠᠷ︶ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠮᠠᠭᠠᠳᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄    1. ᠨᠠᠰᠤ ᠶᠠᠪᠤᠭᠰᠠᠨ ᠠᠵᠢᠯ ᠠᠯᠳᠠᠭᠰᠠᠳ᠄ ᠪᠠᠶᠢᠩᠭᠤ ᠰᠠᠭᠤᠭ᠎ᠠ ᠭᠠᠵᠠᠷ ᠲᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠰᠠᠭᠤᠵᠤ ᠪᠠᠶᠢᠬᠤ ᠪᠥᠭᠡᠳ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠳᠤ 1 ᠵᠢᠯ ᠠᠴᠠ ᠳᠡᠭᠡᠭᠰᠢ ᠣᠷᠣᠯᠴᠠᠭᠰᠠᠨ ᠪᠦᠬᠦᠯᠢ 40 ᠨᠠᠰᠣ ᠬᠥᠷᠥᠭᠰᠡᠨ ᠡᠮᠡᠭᠲᠡᠢ᠂ ᠪᠦᠬᠦᠯᠢ 50 ᠨᠠᠰᠤᠨ ᠠᠴᠠ ᠳᠡᠭᠡᠭᠰᠢᠬᠢ ᠡᠷᠡᠭᠲᠡᠢ ᠠᠵᠢᠯ ᠠᠯᠳᠠᠭᠰᠠᠳ ᠢ ᠵᠢᠭᠠᠵᠤ ᠪᠤᠶ᠃    2. ᠵᠡᠮᠳᠡᠭ ᠬᠥᠮᠥᠨ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠲᠠᠢ ᠵᠡᠮᠳᠡᠭᠴᠦᠳ ᠢ ᠵᠢᠭᠠᠵᠤ ᠪᠤᠶ᠃    3. ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠪᠦᠷᠢᠯᠳᠦᠭᠦᠨ᠄ ᠠᠳᠠᠯᠢ ᠨᠢᠭᠡᠨ ᠭᠡᠷ ᠪᠦᠯᠢ ᠶᠢᠨ ᠡᠷᠦᠬᠡ ᠠᠮᠠ ᠳᠤ 2 ᠨᠡᠷᠡᠰ ᠵᠢᠴᠢ 2 ᠠᠴᠠ ᠳᠡᠭᠡᠭᠰᠢ ᠬᠠᠮᠲᠤ ᠠᠮᠢᠳᠤᠷᠠᠭᠰᠠᠨ ᠪᠦᠷᠢᠯᠳᠦᠭᠦᠨ ᠪᠠᠶᠢᠵᠦ᠂ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠠᠵᠢᠯ ᠣᠯᠬᠤ ᠱᠠᠭᠠᠷᠳᠠᠯᠭ᠎ᠠ ᠲᠠᠢ ᠭᠡᠷ ᠪᠦᠯᠢ ᠶᠢᠨ ᠪᠦᠷᠢᠯᠳᠦᠭᠦᠨ ᠴᠥᠮ ᠠᠵᠢᠯ ᠠᠯᠳᠠᠭᠰᠠᠨ ᠢᠶᠠᠨ ᠳᠠᠩᠰᠠᠯᠠᠨ ᠲᠡᠮᠳᠡᠭᠯᠡᠭᠦᠯᠦᠭᠰᠡᠨ ᠪᠥᠭᠡᠳ ᠡᠵᠡᠩᠨᠡᠯᠲᠡ ᠶᠢᠨ ᠴᠢᠨᠠᠷᠲᠠᠢ ᠪᠠ ᠪᠡᠯᠡ ᠣᠷᠣᠭᠤᠯᠤᠯᠲᠠ ᠶᠢᠨ ᠴᠢᠨᠠᠷᠲᠠᠢ ᠣᠷᠣᠯᠭ᠎ᠠ ᠦᠭᠡᠢ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠭᠡᠷ ᠪᠦᠯᠢ ᠶᠢᠨ ᠬᠥᠮᠥᠰ ᠢ ᠵᠢᠭᠠᠵᠤ ᠪᠤᠶ᠃    4. ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠳ᠄ ᠬᠠᠤᠯᠢ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠳᠤ ᠨᠢᠭᠡᠳᠦᠯᠲᠡᠢ ᠭᠠᠵᠠᠷ ᠲᠠᠲᠠᠪᠤᠷᠢᠯᠠᠭᠰᠠᠨ ᠤ ᠳᠠᠷᠠᠭ᠎ᠠ᠂ ᠤᠤᠯ ᠤᠨ ᠳᠠᠭᠠᠭᠠᠴᠢᠯᠠᠭᠰᠠᠨ ᠲᠠᠷᠢᠶᠠᠨ ᠭᠠᠵᠠᠷ ᠪᠤᠶᠤ ᠨᠤᠲᠤᠭ ᠪᠡᠯᠴᠢᠭᠡᠷ ᠢᠶᠠᠨ ᠪᠦᠷᠢᠮᠦᠰᠦᠨ ᠠᠯᠳᠠᠵᠤ᠂ ᠪᠦᠬᠦᠯᠢ 40 ᠨᠠᠰᠤ ᠬᠦᠷᠦᠭᠰᠡᠨ ᠡᠮᠡᠭᠲᠡᠢ᠂ ᠪᠦᠬᠦᠯᠢ 50 ᠨᠠᠰᠤᠨ ᠠᠴᠠ ᠳᠡᠭᠡᠭᠰᠢᠬᠢ ᠡᠷᠡᠭᠲᠡᠢ ᠮᠠᠯᠴᠢᠨ ᠲᠠᠷᠢᠶᠠᠴᠢᠳ ᠢ ᠵᠢᠭᠠᠵᠤ ᠪᠤᠶ᠃ ᠬᠦᠷᠲᠡᠵᠦ ᠪᠠᠶᠢᠭ᠎ᠠ ᠭᠠᠵᠠᠷ ᠲᠠᠲᠠᠪᠤᠷᠢᠯᠠᠬᠤ ᠨᠥᠬᠦᠪᠦᠷᠢ ᠶᠢᠨ ᠰᠠᠷ᠎ᠠ ᠶᠢᠨ ᠪᠠᠷᠢᠮᠵᠢᠶ᠎ᠠ ᠨᠢ ᠲᠤᠬᠠᠢ ᠶᠢᠨ ᠭᠠᠵᠠᠷ ᠤᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢᠨ ᠪᠠᠷᠢᠮᠵᠢᠶ᠎ᠠ ᠠᠴᠠ ᠥᠨᠳᠥᠷ ᠪᠣᠯᠤᠭᠰᠠᠨ ᠬᠥᠮᠥᠰ ᠲᠤᠰ ᠲᠥᠷᠥᠯ ᠤᠨ ᠬᠥᠮᠥᠰ ᠤᠨ ᠬᠡᠪᠴᠢᠶ᠎ᠡ ᠳᠤ ᠪᠠᠶᠢᠬᠤ ᠦᠭᠡᠢ᠃    5. ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ᠄ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠠᠶᠢᠭ᠎ᠠ ᠮᠥᠷᠲᠡᠭᠡᠨ ᠦᠷᠭᠦᠯᠵᠢᠯᠡᠨ ᠨᠢᠭᠡ ᠵᠢᠯ ᠠᠴᠠ ᠳᠡᠭᠡᠭᠰᠢ ᠠᠵᠢᠯ ᠠᠯᠳᠠᠭᠰᠠᠨ ᠢᠶᠠᠷ ᠳᠠᠩᠰᠠᠯᠠᠭᠤᠯᠤᠭᠰᠠᠨ ᠪᠦᠬᠦᠯᠢ 35 ᠨᠠᠰᠤ ᠬᠦᠷᠦᠭᠰᠡᠨ ᠡᠮᠡᠭᠲᠡᠢ᠂ ᠪᠦᠬᠦᠯᠢ 45 ᠨᠠᠰᠤ ᠬᠦᠷᠦᠭᠰᠡᠨ ᠡᠷᠡᠭᠲᠡᠢ ᠠᠵᠢᠯ ᠠᠯᠳᠠᠭᠰᠠᠳ ᠢ ᠵᠢᠭᠠᠵᠤ ᠪᠤᠶ᠃    6. ᠠᠵᠢᠯ ᠣᠯᠬᠤ ᠳᠤ ᠬᠦᠴᠢᠷᠲᠡᠢ ᠳᠡᠭᠡᠳᠦ ᠰᠤᠷᠭᠠᠭᠤᠯᠢ ᠲᠡᠭᠦᠰᠦᠭᠰᠡᠳ᠄ ᠰᠤᠷᠭᠠᠭᠤᠯᠢ ᠠᠴᠠ ᠪᠠᠨ ᠰᠠᠯᠤᠭᠠᠳ 2 ᠵᠢᠯ ᠵᠢᠴᠢ 2 ᠵᠢᠯ ᠠᠴᠠ ᠳᠡᠭᠡᠭᠰᠢ ᠶᠡᠷᠦ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠵᠢᠭᠠᠵᠤ ᠪᠣᠶ ︵ᠳᠡᠭᠡᠳᠦ ᠰᠤᠷᠭᠠᠭᠤᠯᠢ ᠲᠡᠭᠦᠰᠦᠭᠰᠡᠳ ᠭᠤᠣᠯᠳᠠᠭᠤ ᠪᠦᠬᠦᠯᠢ ᠡᠳᠦᠷ ᠤᠨ ᠳᠦᠷᠢᠮᠲᠦ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠵᠢᠭᠠᠵᠤ ᠪᠣᠶ︶᠃    ︵ᠭᠤᠷᠪᠠ︶ ᠨᠡᠷ᠎ᠡ ᠮᠡᠳᠡᠭᠦᠯᠬᠦ ᠱᠠᠭᠠᠷᠳᠠᠯᠭ᠎ᠠ᠄    1. ᠲᠣᠰ ᠬᠥᠮᠥᠨ ᠨᠢ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠳᠤ ᠬᠦᠷᠴᠦ ᠭᠤᠶᠤᠴᠢᠯᠠᠯ ᠳᠡᠪᠰᠢᠭᠦᠯᠵᠦ᠂ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠠᠩᠬ᠎ᠠ ᠬᠢᠨᠠᠵᠤ ᠵᠥᠪᠰᠢᠶᠡᠷᠡᠭᠦᠯᠦᠭᠰᠡᠨ ᠤ ᠳᠠᠷᠠᠭ᠎ᠠ ᠰᠢᠶᠠᠨ ᠤ ᠠᠵᠢᠯ ᠣᠯᠭᠤᠯᠲᠠ ᠶᠢᠨ ᠲᠥᠪ ᠲᠤ ᠮᠡᠳᠡᠭᠦᠯᠦᠨ᠎ᠡ᠃    2. ᠭᠤᠶᠤᠴᠢᠯᠠᠭᠴᠢ ᠰᠢᠶᠠᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠬᠢᠷᠢ ᠬᠡᠮ ᠤᠨ ᠬᠢᠨᠠᠨ ᠬᠠᠷᠭᠤᠭᠤᠯᠬᠤ᠂ ᠬᠥᠮᠥᠨ ᠬᠡᠷᠡᠭᠯᠡᠬᠦ ᠨᠢᠭᠡᠴᠢ ᠶᠢᠨ ᠨᠢᠭᠤᠷᠲᠠᠨ ᠰᠢᠯᠭᠠᠬᠤ᠂ ᠠᠵᠢᠯ ᠣᠯᠭᠤᠬᠤ ᠰᠠᠯᠠᠭ᠎ᠠ ᠮᠥᠴᠢᠷ ᠤᠨ ᠪᠣᠯᠪᠠᠰᠤᠷᠠᠭᠤᠯᠤᠯ᠂ ᠰᠢᠯᠭᠠᠯᠲᠠ ᠪᠠᠷ ᠳᠠᠮᠵᠢᠭᠤᠯᠤᠨ ᠬᠢᠷᠢ ᠲᠡᠩᠴᠡᠭᠰᠡᠨ ᠤ ᠳᠠᠷᠠᠭ᠎ᠠ᠂ ᠬᠥᠮᠥᠨ ᠬᠡᠷᠡᠭᠯᠡᠬᠦ ᠨᠢᠭᠡᠴᠢ ᠶᠢᠨ ᠭᠠᠷᠳᠠᠨ ᠭᠦᠢᠴᠡᠳᠭᠡᠭᠴᠢ᠂ ᠨᠢᠭᠡᠴᠢ ᠶᠢᠨ ᠬᠠᠷᠢᠭᠤᠴᠠᠯᠭᠠᠲᠠᠨ ᠠᠴᠠ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠥᠮᠥᠰ ᠤᠨ ᠬᠢᠨᠠᠨ ᠵᠥᠪᠰᠢᠶᠡᠷᠡᠬᠦ ᠬᠦᠰᠦᠨᠦᠭᠲᠦ︾ ᠳᠤ ᠭᠠᠷ ᠤᠨ ᠦᠰᠦᠭ ᠵᠢᠷᠤᠵᠤ ᠠᠯᠪᠠᠨ ᠲᠠᠮᠠᠭ᠎ᠠ ᠳᠠᠷᠤᠵᠤ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠠᠨᠠᠯ ᠤᠨ ᠪᠤᠯᠤᠩ ᠳᠤ ᠡᠯᠰᠡᠨ ᠬᠡᠷᠡᠭᠯᠡᠬᠦ ᠬᠥᠮᠥᠰ ᠢ ᠤᠷᠢᠨ ᠬᠡᠷᠡᠭᠯᠡᠭᠰᠡᠨ ᠡᠳᠦᠷ ᠬᠤᠭᠤᠴᠠᠭ᠎ᠠ ᠶᠢ ᠲᠠᠭᠯᠠᠨ ᠪᠢᠴᠢᠵᠦ᠂ ᠭᠠᠷᠳᠠᠨ ᠭᠦᠢᠴᠡᠳᠭᠡᠭᠴᠢ᠂ ᠬᠢᠨᠠᠨ ᠬᠠᠷᠭᠤᠭᠤᠯᠤᠭᠴᠢ᠂ ᠨᠢᠭᠡᠴᠢ ᠶᠢᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠨᠢᠭᠡᠴᠢ ᠶᠢᠨ ᠠᠯᠪᠠᠨ ᠲᠠᠮᠠᠭ᠎ᠠ ᠳᠠᠷᠤᠬᠤ ᠶᠢᠨ ᠬᠠᠮᠲᠤ ᠵᠠᠷᠯᠠᠨ ᠨᠡᠶᠢᠲᠡᠯᠡᠵᠦ᠂ ᠣᠨᠳᠣᠣ ᠰᠠᠨᠠᠯ ᠦᠭᠡᠢ ᠪᠣᠯ ᠡᠯᠰᠡᠨ ᠠᠪᠬᠤ ᠠᠵᠢᠯ ᠤᠨ ᠪᠠᠶᠢᠷᠢ ᠳᠤ ᠭᠠᠷᠭᠠᠨ᠎ᠠ᠃    ᠬᠤᠶᠠᠷ᠂ ᠬᠠᠮᠢᠶᠠᠷᠤᠯᠲᠠ ᠪᠠ ᠬᠠᠷᠠᠭᠠᠯᠵᠠᠯ    ᠤᠷᠢᠨ ᠬᠡᠷᠡᠭᠯᠡᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠬᠥᠮᠥᠨ ᠬᠡᠷᠡᠭᠯᠡᠬᠦ ᠨᠢᠭᠡᠴᠢ ᠠᠴᠠ ᠤᠷᠢᠨ ᠬᠡᠷᠡᠭᠯᠡᠭᠰᠡᠨ ᠬᠥᠮᠥᠰ ᠤᠨ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠤᠷᠢᠨ ᠬᠡᠷᠡᠭᠯᠡᠭᠰᠡᠨ ᠬᠥᠮᠥᠰ ᠯᠦᠭᠡ ᠬᠥᠳᠡᠯᠮᠦᠷᠢ ᠶᠢᠨ ᠭᠡᠷ᠎ᠡ ᠲᠣᠭᠲᠠᠵᠤ᠂ ᠵᠢᠯ ᠳᠤ ᠨᠢᠭᠡ ᠤᠳᠠᠭ᠎ᠠ ᠭᠠᠷ ᠤᠨ ᠦᠰᠦᠭ ᠵᠢᠷᠤᠬᠤ ᠶᠢ ᠬᠡᠷᠡᠭᠵᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ ᠭᠠᠷᠬᠤ ᠬᠠᠮᠤᠭ ᠤᠨ ᠥᠨᠳᠥᠷ ᠵᠢᠯ ᠬᠤᠭᠤᠴᠠᠭ᠎ᠠ ᠨᠢ 3 ᠵᠢᠯ ᠪᠣᠯᠣᠨ᠎ᠠ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤ ᠠᠴᠠ 5 ᠵᠢᠯ ᠬᠦᠷᠬᠦ ᠦᠭᠡᠢ ᠪᠠᠶᠢᠪᠠᠯ ᠠᠵᠢᠯ ᠠᠴᠠ ᠪᠠᠨ ᠠᠮᠠᠷᠠᠬᠤ ᠬᠦᠷᠲᠡᠯ᠎ᠡ ᠤᠷᠲᠤᠳᠬᠠᠵᠤ ᠪᠣᠯᠣᠨ᠎ᠠ᠃ ᠠᠵᠢᠯ ᠤᠨ ᠪᠠᠶᠢᠷᠢ ᠶᠢᠨ ᠨᠥᠬᠦᠪᠦᠷᠢ ᠶᠢ ᠲᠤᠬᠠᠢ ᠶᠢᠨ ᠭᠠᠵᠠᠷ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ︵ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠰᠠᠷ᠎ᠠ ᠪᠦᠷᠢ 1910 ᠲᠥᠭᠦᠷᠢᠭ︶᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号