ᠲᠥᠪ ᠤᠨ ᠡᠳ᠋ ᠤᠨ ᠵᠠᠰᠠᠭ ᠠᠴᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ ᠪᠠᠶᠢᠭᠤᠯᠪᠠ
ᠨᠡᠶᠢᠲᠡᠯᠡᠭᠰᠡᠨ ᠴᠠᠭ᠄
2024/6/5
     ᠰᠤᠷᠪᠤᠯᠵᠢᠯᠠᠬᠴᠢ 3 ᠤ ᠡᠳᠦᠷ ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠢᠶᠠᠷ᠂ ᠲᠥᠪ ᠤᠨ ᠡᠳ᠋ ᠤᠨ ᠵᠠᠰᠠᠭ ᠠᠴᠠ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ ᠪᠠᠶᠢᠭᠤᠯᠵᠤ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠭᠰᠠᠨ ᠨᠥᠬᠦᠪᠦᠷᠢ᠂ ︽ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠢ ᠶᠢ ᠠᠵᠤ ᠦᠢᠯᠡᠰᠵᠢᠭᠦᠯᠬᠦ︾ ᠵᠢᠱᠢᠶ᠎ᠡ ᠦᠵᠡᠭᠦᠯᠭᠦ ᠵᠡᠷᠭᠡ ᠶᠢ ᠳᠡᠮᠵᠢᠨ᠎ᠡ᠃      ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ᠬᠠᠮᠲᠤᠷᠠᠨ ︽ᠡᠳ᠋ ᠤᠨ ᠵᠠᠰᠠᠭ ᠠᠴᠠ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠳᠡᠭᠡᠷ᠎ᠡ ᠳᠤᠷᠠᠳᠤᠭᠰᠠᠨ ᠲᠣᠬᠢᠷᠠᠭᠤᠯᠤᠯᠲᠠ ᠶᠢ ᠲᠣᠳᠣᠷᠬᠠᠶᠢᠯᠠᠪᠠ᠃      ᠰᠠᠨᠠᠯ ᠳᠤ ᠲᠠᠪᠤᠨ ᠬᠡᠰᠡᠭ ᠬᠤᠪᠢᠶᠠᠵᠤ᠂ ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ᠂ ᠬᠤᠶᠠᠳᠤᠭᠠᠷ ᠠᠴᠠ ᠲᠠᠪᠤᠳᠤᠭᠠᠷ ᠬᠡᠰᠡᠭ ᠨᠢ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠲᠣᠭᠲᠠᠭᠤᠨ ᠪᠥᠭᠡᠳ ᠦᠷᠭᠦᠯᠵᠢᠯᠡᠬᠦ᠂ ᠪᠠᠲᠤᠯᠠᠭ᠎ᠠ ᠨᠢ ᠪᠣᠳᠠᠲᠠᠢ᠂ ᠠᠷᠭ᠎ᠠ ᠵᠠᠮ ᠨᠢ ᠣᠯᠠᠨ ᠡᠰᠢᠵᠢᠭᠰᠡᠨ ᠪᠡᠯᠡ ᠮᠥᠩᠭᠦ ᠶᠢᠨ ᠳᠡᠮᠵᠢᠯᠭᠡ ᠪᠠ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢ ᠪᠦᠭᠦ ᠬᠦᠴᠦᠨ ᠢᠶᠠᠷ ᠢᠶᠠᠨ ᠳᠡᠮᠵᠢᠬᠦ ᠪᠣᠯᠣᠨ᠎ᠠ᠃      ᠡᠳ᠋ ᠤᠨ ᠵᠠᠰᠠᠭ ᠤᠨ ᠶᠠᠮᠤᠨ ᠤ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠤ ᠵᠤᠷᠭᠠᠨ ᠤ ᠬᠠᠷᠢᠭᠤᠴᠠᠯᠭᠠᠲᠠᠨ᠂ ᠲᠥᠪ ᠤᠨ ᠡᠳ᠋ ᠤᠨ ᠵᠠᠰᠠᠭ ᠤᠨ ᠶᠠᠮᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠᠷ ᠭᠤᠣᠯ ᠰᠢᠪᠲᠤᠯᠬᠤ ᠴᠢᠭᠯᠡᠯ ᠪᠤᠯᠭᠠᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠪᠤᠯᠭᠠᠵᠤ᠂ ᠨᠥᠭᠡᠴᠡ ᠬᠡᠮᠵᠢᠶ᠎ᠡ ᠪᠠ ᠨᠡᠮᠡᠭᠳᠡᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠤᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂  ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ ᠰᠢᠨ᠎ᠡ ᠪᠠᠷ ᠭᠠᠷᠭᠠᠭᠰᠠᠨ ᠪᠥᠭᠡᠳ 2024 ᠣᠨ ᠤ ᠲᠥᠰᠥᠪ ᠲᠤ 120 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠬᠤᠶᠢᠰᠢᠳᠠ ᠶᠢᠨ ᠣᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠴᠢᠬᠤᠯᠠᠲᠠᠢ ᠪᠠᠶᠢᠨ᠎ᠠ ᠭᠡᠵᠦ ᠲᠠᠨᠢᠯᠴᠠᠭᠤᠯᠵᠠᠢ᠃      ᠰᠠᠨᠠᠯ ᠢ ᠦᠨᠳᠦᠰᠦᠯᠡᠪᠡᠯ᠂︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠪᠠᠶᠢᠭᠤᠯᠬᠤ ᠠᠴᠠ ᠭᠠᠳᠠᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠳ᠋ ᠤᠨ ᠵᠠᠰᠠᠭ ᠤᠨ ᠭᠤᠣᠯ ᠲᠥᠷᠥ ᠶᠢᠨ ᠪᠣᠳᠣᠯᠭ᠎ᠠ ᠳᠤ ᠪᠠᠰᠠ ᠣᠲᠣ ᠶᠢᠨ ᠪᠠᠶᠢᠭ᠎ᠠ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ᠂ ᠵᠠᠬ᠎ᠠ ᠳᠡᠯᠭᠡᠭᠦᠷᠴᠢᠯᠡᠭᠰᠡᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠪᠠᠭᠲᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号