ᠭᠦᠭᠡᠬᠤᠳᠠ ︽ᠨᠢᠭᠡ ᠲᠣᠭᠤᠷᠢᠭ ᠲᠠᠪᠤᠨ ᠲᠥᠪ︾ ᠤᠨ ᠲᠠᠪᠴᠠᠩ ᠢ ᠪᠠᠶᠢᠷᠢᠰᠢᠭᠤᠯᠵᠤ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/6/5
     ᠡᠨᠡ ᠬᠦ 1.72 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠳᠡᠭᠡᠷ᠎ᠡ᠂ ᠰᠢᠨ᠎ᠡ ᠶᠢ ᠡᠭᠦᠳᠬᠦ ᠬᠥᠭᠵᠢᠯᠲᠡ ᠥᠷᠨᠢᠨ ᠮᠠᠨᠳᠤᠨ᠎ᠠ᠃ ᠥᠨᠥᠳᠥᠷ ᠤᠨ ᠭᠦᠭᠡᠬᠤᠲᠠ ᠳᠤ᠂ ᠴᠢᠳᠠᠪᠤᠷᠢᠲᠠᠨ᠂ ᠡᠬᠢ ᠪᠠᠶᠠᠯᠢᠭ᠂ ᠪᠡᠯᠡ ᠮᠥᠩᠭᠦ᠂ ᠮᠡᠷᠭᠡᠵᠢᠯ ᠵᠡᠷᠭᠡ ᠡᠯ᠎ᠡ ᠲᠥᠷᠥᠯ ᠤᠨ ᠡᠯᠧᠮᠧᠨ᠋ᠲ ᠲᠠᠰᠤᠷᠠᠯᠲᠠ ᠦᠭᠡᠢ ᠬᠤᠷᠠᠮᠳᠤᠵᠤ᠂ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠨᠠᠩ ᠭᠦᠢᠴᠡᠳ᠂ ᠬᠥᠳᠡᠯᠭᠡᠬᠦ ᠬᠦᠴᠦᠨ ᠨᠠᠩ ᠴᠢᠩᠭ᠎ᠠ ᠪᠣᠯᠪᠠ᠃      2023 ᠣᠨ ᠤ 6 ᠰᠠᠷ᠎ᠠ ᠳᠤ᠂ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠳᠤ᠂ ᠶᠡᠷᠦᠩᠬᠡᠢ ᠱᠦᠵᠢ ᠰᠢ ᠶᠢᠨ ᠫᠢᠩ ᠠᠵᠤ ᠠᠬᠤᠶᠢᠯᠠᠯ ᠤᠨ ᠠᠵᠢᠯᠲᠠᠳ ᠲᠤ᠄︽ᠣᠲᠣ᠂ ᠪᠢᠳᠡ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠷᠬᠡ ᠪᠣᠭᠤᠮᠲᠠ ᠶᠢ ᠰᠢᠪᠲᠤᠯᠬᠤ ᠬᠡᠷᠡᠭᠲᠡᠢ︾ ᠭᠡᠵᠦ ᠳᠣᠲᠣᠨᠣᠰᠤᠭ ᠢᠶᠠᠷ ᠬᠡᠯᠡᠪᠡ᠃      ᠴᠢᠩ ᠰᠡᠳᠬᠢᠯ ᠤᠨ ᠬᠦᠰᠡᠯ ᠨᠠᠶᠢᠳᠠᠯᠭ᠎ᠠ ᠨᠢ ᠬᠥᠮᠥᠰ ᠢ ᠤᠷᠮᠠᠰᠢᠭᠤᠯᠤᠨ ᠵᠣᠷᠢᠭᠵᠢᠭᠤᠯᠵᠤ᠂ ᠪᠦᠭᠦ ᠬᠤᠳᠠ ᠶᠢᠨ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠪᠠ︕      ᠣᠳᠣᠬᠠᠨ ᠪᠤᠯᠲᠠᠯ᠎ᠠ᠂ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠨᠢ ᠨᠢᠭᠡᠨᠲᠡ 532 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠠᠯᠭᠠᠭ᠎ᠠ ᠪᠠᠷ 16 ᠬᠠᠭᠠᠰ ᠳᠠᠮᠵᠢᠭᠤᠯᠤᠭᠴᠢ ᠪᠠ ᠭᠡᠷᠡᠯᠴᠢ ᠴᠡᠨᠡᠭ ᠤᠨ ᠠᠵᠢᠯ ᠲᠥᠷᠥᠯ ᠤᠨ ᠨᠠᠷᠠᠲᠤ ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠤᠨ ᠠᠪᠴᠢᠷᠠᠵᠤ᠂ ᠬᠠᠭᠠᠰ ᠳᠠᠮᠵᠢᠭᠤᠯᠤᠭᠴᠢ ᠲᠠᠩ ᠲᠠᠯᠠᠰᠲᠤ ᠶᠢᠨ ᠵᠢᠯ ᠤᠨ ᠦᠢᠯᠡᠳᠪᠦᠷᠢᠯᠡᠬᠦ ᠴᠢᠳᠠᠪᠤᠷᠢ 2500 ᠲᠣᠨ᠂ ᠭᠡᠷᠡᠯᠴᠢ ᠴᠡᠨᠡᠭ ᠤᠨ ᠲᠠᠩ ᠲᠠᠯᠠᠰᠲᠤ ᠶᠢᠨ ᠵᠢᠯ ᠤᠨ ᠦᠢᠯᠡᠳᠪᠦᠷᠢᠯᠡᠬᠦ ᠴᠢᠳᠠᠪᠤᠷᠢ 105GW᠂ ᠭᠡᠷᠡᠯᠴᠢ ᠴᠡᠨᠡᠭ ᠤᠨ ᠲᠠᠩ ᠲᠠᠯᠠᠰᠲᠤ ᠶᠢᠨ ᠵᠢᠯ ᠤᠨ ᠦᠢᠯᠡᠳᠪᠦᠷᠢᠯᠡᠬᠦ ᠴᠢᠳᠠᠪᠤᠷᠢ 28GW ᠪᠠᠶᠢᠵᠤ᠂ ᠨᠢᠭᠡᠨᠲᠡ ᠬᠠᠭᠠᠰ ᠳᠠᠮᠵᠢᠭᠤᠯᠤᠭᠴᠢ ᠲᠠᠩ ᠲᠠᠯᠠᠰᠲᠤ ᠴᠠᠬᠢᠭᠤᠷ᠂ ᠰᠢᠨ᠎ᠡ ᠡᠨᠧᠷᠭᠢ ᠶᠢᠨ ᠭᠡᠷᠡᠯᠴᠢ ᠴᠡᠨᠡᠭ ᠤᠨ ᠲᠠᠩ ᠲᠠᠯᠠᠰᠲᠤ ᠴᠠᠬᠢᠭᠤᠷ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠠᠵᠤ ᠦᠢᠯᠡᠰ ᠤᠨ ᠲᠡᠷᠢᠭᠦᠨ ᠤ ᠦᠢᠯᠡᠳᠬᠦ ᠰᠠᠭᠤᠷᠢᠨ ᠢ ᠪᠠᠶᠢᠭᠤᠯᠪᠠ᠃      ᠡᠳᠦᠭᠡ᠂ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠶᠠᠭ ᠪᠦᠭᠦ ᠪᠥᠮᠪᠥᠷᠴᠡᠭ ᠤᠨ ᠲᠡᠷᠢᠭᠦᠨ ᠤ ᠲᠠᠩ ᠲᠠᠯᠠᠰᠲᠤ ᠴᠠᠬᠢᠭᠤᠷ ᠤᠨ ᠪᠠᠭᠠᠨᠠᠴᠢᠷ ᠤᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠠᠷ ᠴᠢᠷᠮᠠᠶᠢᠵᠤ᠂ ᠪᠦᠭᠦ ᠪᠥᠮᠪᠥᠷᠴᠡᠭ ᠤᠨ ᠳᠠᠪᠠᠭᠤᠯᠢᠭ ᠪᠦᠬᠦᠢ ᠨᠡᠷᠡᠨ ᠤ ᠡᠨᠧᠷᠭᠢ ᠶᠢᠨ ᠴᠠᠬᠢᠭᠤᠷ ᠲᠠᠯᠠᠰᠲᠤ ᠦᠢᠯᠡᠳᠬᠦ ᠲᠥᠪ ᠢ ᠴᠣᠭᠴᠠᠯᠠᠨ ᠪᠠᠶᠢᠭᠤᠯᠵᠤ ᠪᠠᠶᠢᠨ᠎ᠠ᠃      4 ᠰᠤᠳᠤᠯᠭᠠᠨ ᠤ ᠲᠥᠪ᠂ 3 ᠦᠢᠯᠡᠴᠢᠯᠡᠭᠡᠨ ᠤ ᠲᠠᠪᠴᠠᠩ᠂ 100 ᠭᠠᠷᠤᠢ ᠪᠦᠷᠢᠯᠳᠦᠭᠦᠨ ᠨᠢᠭᠡᠴᠢ᠂ 10 ᠭᠠᠷᠤᠢ ᠬᠤᠶᠠᠷ ᠬᠦᠷᠢᠶᠡᠯᠡᠩ ᠤᠨ ᠠᠺᠠᠳᠧᠮᠢᠴᠢ᠂ 100 ᠭᠠᠷᠤᠢ ᠳᠡᠭᠡᠳᠦ ᠵᠡᠷᠭᠡ ᠶᠢᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ 1000 ᠭᠠᠷᠤᠢ ᠭᠤᠣᠯᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠠ 5000 ᠭᠠᠷᠤᠢ ᠬᠥᠮᠥᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠡᠩᠨᠡᠭᠡ ᠨᠡᠶᠢᠲᠡ 145 ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠥᠷᠨᠢᠭᠦᠯᠪᠡ᠃ ᠡᠨᠡ ᠪᠣᠯ ᠤᠯᠤᠰ ᠤᠨ ᠰᠦ  ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ︽ᠬᠠᠲᠠᠭᠤ ᠪᠣᠳᠠᠲᠤ ᠬᠦᠴᠦᠨ︾ ᠪᠣᠯᠣᠨ᠎ᠠ᠃      ︽ᠮᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠰᠢᠯᠢᠳᠡᠭ ᠡᠪᠡᠰᠦ ᠪᠣᠷᠳᠤᠭ᠎ᠠ ᠰᠣᠩᠭᠤᠨ ᠪᠣᠶᠢᠵᠢᠭᠤᠯᠬᠤ᠂ ᠥᠨᠳᠥᠷ ᠪᠦᠲᠦᠮᠵᠢᠲᠡᠶ ᠪᠠᠷ ᠪᠢᠰᠢᠯᠠᠭ ᠤᠨ ᠤᠭᠤᠷᠠᠭ ᠭᠠᠷᠭᠠᠨ ᠠᠪᠬᠤ᠂ ᠴᠢᠳᠠᠮᠵᠢ ᠶᠢᠨ ᠴᠢᠨᠠᠷᠲᠠᠢ ᠰᠦᠨ ᠫᠧᠫᠲ᠋ᠢᠳ᠋ ᠪᠡᠯᠡᠳᠬᠡᠬᠦ᠂ DHA ᠪᠣᠯᠣᠨ EPA ᠶᠢ ᠲᠣᠭᠲᠠᠪᠤᠷᠢᠵᠢᠭᠤᠯᠬᠤ ᠵᠡᠷᠭᠡ ᠠᠯᠢ ᠣᠯᠠᠨ ᠵᠠᠩᠭᠢᠯᠠᠭ᠎ᠠ ᠶᠢᠨ ᠪᠣᠭᠤᠮᠢ ᠶᠢᠨ ᠮᠡᠷᠭᠡᠵᠢᠯ ᠢ ᠰᠢᠪᠲᠤᠯᠵᠤ᠂ ᠪᠣᠶᠢᠵᠢᠭᠤᠯᠤᠭᠰᠠᠨ ᠬᠤᠯᠠᠨᠳ᠋ ᠡᠭᠦᠯᠳᠡᠷ ᠤᠨ ᠪᠤᠬ᠎ᠠ ᠨᠢ ᠤᠯᠤᠰ ᠤᠨ ᠳᠣᠲᠣᠭᠠᠳᠤ ᠶᠢᠨ ᠠᠮᠧᠷᠢᠺᠠ ᠳᠤ ᠳᠠᠩᠰᠠᠯᠠᠭᠤᠯᠤᠭᠰᠠᠨ ᠪᠤᠬ᠎ᠠ ᠶᠢᠨ ᠡᠮᠦᠨ᠎ᠡ 8 ᠨᠡᠷᠡᠰ ᠲᠤ ᠵᠢᠭᠰᠠᠭᠠᠭᠳᠠᠵᠤ᠂ ᠪᠣᠶᠢᠵᠢᠭᠤᠯᠤᠭᠰᠠᠨ ᠡᠭᠦᠯᠳᠡᠷ ᠤᠨ ᠪᠤᠬ᠎ᠠ 291HO 22027 ᠨᠢ ᠠᠳᠠᠯᠢ ᠬᠤᠭᠤᠴᠠᠭᠠᠨ ᠤ ᠠᠮᠧᠷᠢᠺᠠ ᠶᠢᠨ ᠭᠧᠨ ᠤ ᠪᠦᠯᠦᠭ ᠤᠨ ᠨᠡᠷᠡᠰ ᠤᠨ ᠵᠢᠭᠰᠠᠭᠠᠯᠲᠠ ᠶᠢᠨ ᠲᠤᠭ᠎ᠠ ᠪᠠᠷᠢᠮᠲᠠ ᠶᠢᠨ ᠵᠢᠭᠰᠠᠭᠠᠯᠲᠠ ᠪᠠᠷ 35 ᠳ᠋ᠤᠭᠠᠷ ᠲᠤ ᠵᠢᠭᠰᠠᠭᠠᠭᠳᠠᠵᠤ᠂ ᠤᠯᠤᠰ ᠤᠨ ᠳᠣᠲᠣᠭᠠᠳᠤ ᠶᠢᠨ ᠠᠮᠧᠷᠢᠺᠠ ᠳᠤ ᠳᠠᠩᠰᠠᠯᠠᠭᠤᠯᠤᠭᠰᠠᠨ ᠪᠤᠬ᠎ᠠ ᠶᠢᠨ ᠵᠢᠭᠰᠠᠭᠠᠯᠲᠠ ᠶᠢᠨ ᠨᠢᠭᠡᠳᠦᠭᠡᠷ ᠲᠤ ᠵᠢᠭᠰᠠᠭᠠᠭᠳᠠᠪᠠ᠃︾ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠳᠠᠭᠠᠭᠠᠮᠠᠯ ᠾᠧ ᠵᠢᠶᠠᠨ ᠰᠤᠷᠪᠤᠯᠵᠢᠯᠠᠬᠴᠢ ᠳᠤ᠂ ᠳᠤᠰ ᠲᠥᠪ ᠤᠨ ᠬᠢᠨ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠶᠢᠨ ᠣᠯᠠᠨ ᠶᠠᠩᠵᠤᠴᠢᠯᠠᠬᠤ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠬᠤ ᠰᠠᠭᠠᠯᠢ ᠶᠢᠨ ᠦᠨᠢᠶ᠎ᠡ ᠲᠡᠵᠢᠭᠡᠬᠦ ᠲᠥᠰᠥᠯ᠂ ᠵᠠᠩᠭᠢᠯᠠᠭ᠎ᠠ ᠶᠢᠨ ᠲᠦᠭᠦᠬᠡᠢ ᠮᠠᠲ᠋ᠧᠷᠢᠶᠠᠯ ᠦᠢᠯᠡᠳᠬᠦ ᠮᠡᠷᠭᠡᠵᠢᠯ ᠢ ᠠᠵᠤ ᠦᠢᠯᠡᠰᠵᠢᠭᠦᠯᠬᠦ᠂ ᠴᠠᠭᠠᠨ ᠢᠳᠡᠭᠡ ᠪᠤᠯᠪᠠᠰᠤᠷᠠᠭᠤᠯᠬᠤ ᠲᠣᠨᠣᠭᠯᠠᠯ ᠵᠡᠷᠭᠡ ᠲᠠᠯ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠬᠠᠮᠲᠤ ᠨᠢᠭᠡᠳ ᠨᠢᠭᠡ ᠪᠠᠷ ᠰᠢᠪᠲᠤᠯᠤᠯᠲᠠ ᠭᠠᠷᠭᠠᠨ᠎ᠠ ᠭᠡᠵᠦ ᠬᠡᠯᠡᠨ᠎ᠡ᠃      ᠡᠯᠡᠰᠦᠷᠬᠡᠭ ᠭᠠᠵᠠᠷ ᠢ ᠵᠠᠰᠠᠬᠤ ᠦᠷ᠎ᠡ ᠶᠢᠨ ᠠᠮᠢ ᠠᠬᠤᠢ ᠶᠢᠨ ᠪᠣᠭᠤᠳᠠᠯ᠂ ᠲᠤᠰᠬᠠᠢ ᠬᠡᠷᠡᠭᠯᠡᠬᠦ ᠪᠣᠷᠳᠣᠭᠤᠷ᠂ ᠦᠷ᠎ᠡ ᠶᠢᠨ ᠳᠡᠭᠡᠰᠦ ᠁ ᠮᠧᠩ ᠼᠤᠤ ᠪᠦᠯᠦᠭᠯᠡᠯ ᠤᠨ ᠲᠤᠷᠰᠢᠯᠲᠠ ᠶᠢᠨ ᠣᠷᠳᠣᠨ ᠳᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ  ᠵᠠᠰᠠᠬᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠵᠠᠯᠭᠠᠭ᠎ᠠ ᠪᠠᠷ  ᠭᠠᠷᠴᠤ ᠪᠤᠢ᠂ ᠡᠨᠡ ᠨᠢ ᠵᠦᠪᠭᠡᠨ︽ᠪᠠᠭ᠎ᠠ ᠡᠭᠦᠳᠦᠯᠲᠡ︾ ᠶᠢᠨ ᠦᠢᠯᠡᠳᠬᠦᠨ ᠲᠡᠳᠦᠢ ᠶᠤᠮ᠃      ᠣᠶᠢᠷ᠎ᠠ ᠶᠢᠨ ᠵᠢᠯ ᠠᠴᠠ᠂ ᠮᠧᠩ ᠼᠤᠤ ᠪᠦᠯᠦᠭᠯᠡᠯ ᠡᠪᠡᠰᠦᠨ ᠲᠠᠷᠢᠮᠠᠯ᠂ ᠲᠡᠵᠢᠭᠡᠯ ᠡᠪᠡᠰᠦ᠂ ᠠᠮᠢ ᠠᠬᠤᠢ ᠶᠢ ᠰᠡᠷᠭᠦᠭᠡᠬᠦ᠂ ᠮᠠᠰᠢᠨ ᠮᠧᠬᠠᠨᠢᠭ ᠢ ᠰᠤᠳᠤᠯᠤᠨ ᠨᠡᠭᠡᠭᠡᠬᠦ᠂ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠬᠠᠮᠲᠤᠷᠠᠭᠰᠠᠨ ᠪᠣᠭᠤᠮᠲᠠ ᠰᠢᠪᠲᠤᠯᠬᠤ ᠠᠵᠢᠯ ᠥᠷᠨᠢᠭᠦᠯᠵᠦ᠂ ᠲᠣᠭᠠᠴᠢᠯᠠᠭᠰᠠᠨ ᠮᠡᠷᠭᠡᠵᠢᠯ ᠢᠶᠠᠷ ᠵᠠᠮᠴᠢᠯᠠᠭᠤᠯᠵᠤ᠂ ᠬᠥᠩᠭᠡᠨ᠂ ᠳᠤᠮᠳᠠ᠂ ᠬᠦᠨᠳᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠨᠡᠶᠢᠳᠡ 1000 ᠭᠠᠷᠤᠢ ᠲᠦᠮᠡᠨ ᠮᠦ ᠵᠠᠰᠠᠪᠠ᠃      ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠬᠦ ᠶᠢᠨ ᠲᠥᠯᠥᠭᠡ᠂ ᠭᠦᠭᠡᠬᠤᠲᠠ ᠶᠢᠨ ᠬᠢᠨ︽ᠨᠢᠭᠡ ᠣᠷᠣᠨ ᠲᠠᠪᠤᠨ ᠲᠥᠪ︾ ᠤᠨ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠢ ᠲᠦᠷᠭᠡᠳᠬᠡᠨ ᠪᠠᠶᠢᠷᠢᠰᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃      ︽ᠪᠢᠳᠡ ᠭᠦᠭᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠲᠣᠭᠤᠷᠢᠭ ᠤᠨ ᠭᠤᠣᠯ ᠣᠷᠣᠨ ᠢ ᠪᠦᠲᠦᠭᠡᠨ ᠪᠠᠶᠢᠭᠤᠯᠤᠨ᠎ᠠ᠂ ᠣᠳᠣᠬᠠᠨ ᠳᠤ᠂ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠨᠢᠭᠡᠨᠲᠡ ᠤᠯᠤᠰ ᠤᠨ ᠠᠩᠭᠢ ᠳᠤ ᠣᠷᠣᠭᠤᠯᠵᠤ᠂ ᠤᠯᠤᠰ ᠤᠨ ᠠᠰᠢᠭᠲᠤ ᠪᠠᠺᠲ᠋ᠧᠷᠢ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠵᠡᠷᠭᠡ ᠶᠢᠨ ᠡᠮᠦᠨᠡᠬᠢ ᠬᠤᠭᠤᠴᠠᠭᠠᠨ ᠤ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠶᠠᠭ ᠪᠦᠭᠦ ᠪᠥᠮᠪᠥᠷᠴᠡᠭ ᠤᠨ ᠬᠠᠮᠤᠭ ᠤᠨ ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ ᠪᠠᠶᠢᠨ᠎ᠠ︾ ᠭᠡᠵᠦ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠺᠦᠩ ᠶᠠᠨ ᠬᠡᠯᠡᠪᠡ᠃       ᠨᠢᠭᠡ ᠵᠢᠯ ᠤᠨ ᠲᠤᠷᠰᠢ᠂ ᠭᠦᠭᠡᠬᠤᠲᠠ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠲᠣᠭᠤᠷᠢᠨ ᠳᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠤᠯᠠᠮ ᠴᠢᠨᠠᠭᠰᠢᠳᠠ ᠴᠣᠭᠴᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠬᠤᠪᠢᠷᠠᠭᠤᠯᠵᠤ᠂ ᠪᠦᠭᠦ ᠬᠤᠲᠠ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠡᠶᠢᠰᠢ ᠤᠷᠤᠭᠰᠢᠯᠠᠬᠤ ᠶᠢ ᠠᠬᠢᠭᠤᠯᠪᠠ᠃       ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠵᠠᠪᠳᠤᠨ ᠡᠵᠡᠯᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠶᠢᠨ ᠲᠥᠯᠥᠭᠡ᠂ ᠡᠨᠡ ᠵᠢᠯ ᠭᠦᠭᠡᠬᠤᠲᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠠᠰ ᠤᠨ ᠬᠤᠶᠠᠷ ᠲᠠᠯ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ︽ᠪᠦᠰᠡᠯᠡᠯᠲᠡ ᠰᠢᠪᠲᠤᠯᠵᠤ᠂ ᠴᠠᠭᠠᠨ ᠢᠳᠡᠭᠡᠨ ᠢ ᠨᠠᠷᠢᠯᠢᠭ ᠪᠤᠯᠪᠠᠰᠤᠷᠠᠭᠤᠯᠬᠤ᠂ ᠬᠠᠮ ᠰᠢᠨᠵᠢᠯᠡᠬᠦ ᠤᠬᠠᠭᠠᠨ ᠤ ᠲᠣᠨᠣᠭᠯᠠᠯ᠂ ᠰᠦᠨ ᠬᠦᠴᠢᠯ ᠤᠨ ᠪᠠᠺᠲ᠋ᠧᠷᠢ ᠶᠢᠨ 3 ᠴᠡᠭ ᠢ ᠰᠤᠳᠤᠯᠤᠨ ᠲᠥᠯᠥᠪᠯᠡᠵᠦ᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾12 ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ︽ᠠᠺᠠᠳᠧᠮᠢᠴᠢ ᠶᠢᠨ ᠪᠦᠯᠭᠦᠮ + ᠳᠠᠭᠠᠭᠤᠯᠤᠭᠴᠢ ᠠᠵᠤ ᠠᠬᠤᠶᠢᠯᠠᠯ + ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠭᠡᠯᠪᠡᠷᠢ ᠶᠢ ᠬᠡᠷᠡᠭᠵᠢᠭᠦᠯᠪᠡ᠃      5 ᠰᠠᠷ᠎ᠠ ᠶᠢᠨ 28 ᠤ ᠡᠳᠦᠷ᠂ ᠬᠤᠷᠢᠨᠭᠡᠷ ᠰᠢᠨ᠎ᠡ ᠲᠣᠭᠤᠷᠢᠭ ᠲᠤ ᠡᠬᠢᠯᠡᠭᠦᠯᠦᠭᠰᠡᠨ ᠰᠠᠨᠰᠠᠷ ᠠᠭᠠᠷ ᠤᠨ ᠣᠷᠣᠨ ᠵᠠᠢ ᠠᠯᠤᠰᠯᠠᠭᠰᠠᠨ ᠬᠡᠮᠵᠢᠯᠲᠡ ᠶᠢᠨ ᠰᠠᠭᠤᠷᠢ ᠪᠠᠷᠢᠮᠵᠢᠶ᠎ᠠ ᠶᠢᠨ ᠬᠠᠮ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯ ᠤᠨ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ᠢᠨᠵᠧᠨᠧᠷᠢᠩ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠣᠨ᠎ᠠ᠂ ᠮᠥᠨ ᠴᠦ ᠭᠦᠭᠡᠬᠤᠲᠠ ᠬᠢᠭᠡᠳ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠯᠢᠦ ᠬᠤᠩ ᠵᠥᠩ ᠫᠷᠤᠹᠧᠰᠰᠤᠷ ᠤᠨ ᠪᠦᠯᠭᠦᠮ ᠤᠨ ᠬᠠᠮᠲᠤᠷᠠᠯᠴᠠᠭ᠎ᠠ ᠥᠷᠨᠢᠭᠦᠯᠦᠭᠰᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠪᠣᠯᠣᠨ᠎ᠠ᠃      ᠬᠥᠭᠵᠢᠯᠲᠡ ᠳᠤ ᠰᠢᠨ᠎ᠡ ᠶᠢ ᠡᠭᠦᠳᠬᠦ ᠴᠢᠬᠤᠯᠠᠲᠠᠢ᠂ ᠰᠢᠨ᠎ᠡ ᠶᠢ ᠡᠭᠦᠳᠬᠦ ᠳᠤ ᠬᠠᠮᠲᠤᠷᠠᠯᠴᠠᠭ᠎ᠠ ᠨᠡᠩ ᠴᠢᠬᠤᠯᠠᠲᠠᠢ᠃      ᠣᠶᠢᠷ᠎ᠠ ᠶᠢᠨ ᠵᠢᠯ ᠳᠤ᠂ ᠭᠦᠭᠡᠬᠤᠲᠠ ᠣᠷᠣᠨ ᠤ ᠳᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠪᠠ᠃      ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠭᠦᠭᠡᠬᠤᠲᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠨᠡᠶᠢᠲᠡ 52 ᠠᠵᠤ ᠠᠬᠤᠶᠢᠯᠠᠯ ᠢ ᠨᠡᠪᠴᠢᠭᠦᠯᠦᠭᠰᠡᠨ ᠪᠤᠶᠤ ᠣᠷᠣᠭᠤᠯᠤᠨ ᠠᠪᠴᠢᠷᠠᠵᠤ᠂ ᠨᠡᠪᠴᠢᠭᠦᠯᠦᠭᠰᠡᠨ ᠠᠵᠤ ᠠᠬᠤᠶᠢᠯᠠᠯ 125 ᠵᠦᠢᠯ ᠤᠨ ᠮᠡᠳᠡᠯᠭᠡ ᠶᠢᠨ ᠥᠮᠴᠢᠯᠡᠯ ᠤᠨ ᠡᠷᠬᠡ ᠣᠯᠵᠤ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 3 ᠳ᠋ᠦᠩᠰᠢᠭᠤᠷ ᠲᠥᠭᠦᠷᠢᠭ ᠲᠤ ᠬᠦᠷᠴᠡᠢ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠭᠦᠭᠡᠬᠤᠲᠠ ᠳᠤ ᠤᠯᠠᠷᠢᠭᠤᠯᠤᠭᠰᠠᠨ ᠪᠦᠷᠬᠦᠪᠴᠢ ᠦᠭᠡᠢ ᠡᠷᠳᠡᠨᠢ ᠰᠢᠰᠢ ᠶᠢ ᠨᠢᠭᠲᠠ ᠲᠡᠷᠢᠬᠤ ᠥᠨᠳᠥᠷ ᠤᠨᠠᠯᠲᠠ ᠲᠠᠢ ᠮᠡᠷᠭᠡᠵᠢᠯ ᠢ ᠪᠦᠭᠦ ᠬᠤᠲᠠ ᠳᠤ ᠳᠡᠯᠭᠡᠷᠡᠭᠦᠯᠦᠭᠰᠡᠨ ᠤ ᠳᠠᠷᠠᠭ᠎ᠠ ᠵᠢᠱᠢᠯᠲᠡ ᠪᠠᠷ ᠡᠷᠳᠡᠨᠢ ᠰᠢᠰᠢ ᠶᠢᠨ ᠤᠨᠠᠯᠲᠠ 105 ᠲᠦᠮᠡᠨ ᠲᠣᠨ ᠨᠡᠮᠡᠭᠳᠡᠬᠦ ᠪᠣᠯᠣᠨ᠎ᠠ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠨᠢ ᠰᠢᠨᠵᠢᠯᠡᠬᠦ ᠤᠬᠠᠭᠠᠨ ᠠᠴᠠ ᠲᠧᠭᠨᠢᠭ ᠮᠡᠷᠭᠡᠵᠢᠯ ᠳᠤ ᠬᠦᠷᠬᠦ᠂ ᠲᠧᠭᠨᠢᠭ ᠮᠡᠷᠭᠡᠵᠢᠯ ᠠᠴᠠ ᠠᠵᠤ ᠠᠬᠤᠢ ᠳᠤ ᠬᠦᠷᠬᠦ ᠵᠠᠩᠭᠢᠯᠠᠭ᠎ᠠ ᠶᠢᠨ ᠭᠤᠭᠴᠤᠭ᠎ᠠ ᠮᠥᠨ᠃      ᠨᠢᠭᠡ ᠵᠢᠯ ᠤᠨ ᠲᠤᠷᠰᠢ᠂ ᠭᠦᠭᠡᠬᠤᠲᠠ︽ᠮᠧᠩ ᠺᠧ ᠵᠢᠦᠢ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠤᠨ ᠪᠠᠶᠢᠭᠤᠯᠤᠯᠲᠠ ᠶᠢᠨ ᠠᠵᠠ ᠲᠣᠭᠢᠶᠠᠯ ᠢ ᠠᠮᠵᠢᠵᠤ᠂︽ᠮᠧᠩ ᠺᠧ ᠵᠢᠦᠢ︾ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠤᠨ ᠶᠡᠷᠦᠩᠬᠡᠢ ᠴᠣᠩᠬᠤᠪᠴᠢ ᠶᠢ ᠪᠠᠶᠢᠭᠤᠯᠵᠤ᠂ ᠮᠡᠷᠭᠡᠵᠢᠯ ᠢ ᠤᠯᠠᠷᠢᠭᠤᠯᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠳᠠᠭᠢᠨ ᠰᠢᠨ᠎ᠡ ᠳᠡᠭᠲᠡᠷ ᠲᠤ ᠭᠠᠷᠭᠠᠪᠠ᠃      ︽ᠨᠡᠭᠦᠷᠡᠰᠦ ᠪᠠᠷ ᠰᠠᠭᠤᠷᠢ ᠪᠤᠯᠭᠠᠬᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠣᠣᠷ᠎ᠠ ᠨᠡᠭᠦᠷᠡᠰᠦᠲᠥ᠋ᠷᠥᠭᠴᠢ ᠪᠠᠷ ᠠᠰᠢᠭᠯᠠᠬᠤ ᠪᠠ ᠥᠨᠳᠥᠷ ᠥᠷᠲᠡᠭᠲᠦ ᠮᠠᠲ᠋ᠧᠷᠢᠶᠠᠯ ᠦᠢᠯᠡᠳᠬᠦ ᠮᠡᠷᠭᠡᠵᠢᠯ︾ᠪᠣᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠩ ᠶᠦᠩ ᠹᠧᠩ ᠤᠨ ᠪᠦᠯᠭᠦᠮ ᠤᠨ ᠬᠡᠳᠦᠨ ᠵᠢᠯ ᠰᠤᠳᠤᠯᠤᠭᠰᠠᠨ ᠦᠷ᠎ᠡ ᠪᠦᠲᠦᠭᠡᠯ ᠪᠣᠯᠣᠨ᠎ᠠ᠂ ︽ᠮᠧᠩ ᠺᠧ ᠵᠢᠦᠢ︾ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠲᠠᠪᠴᠠᠩ ᠤᠨ ᠠᠬᠢᠭᠤᠯᠤᠯ ᠢᠶᠠᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ 1000 ᠲᠦᠮᠡᠨ ᠲᠥᠭᠦᠷᠢᠭ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠬᠠᠮᠲᠤᠷᠠᠯᠴᠠᠨ ᠨᠡᠭᠡᠭᠡᠨ ᠬᠥᠭᠵᠢᠭᠦᠯᠬᠦ ᠭᠡᠷ᠎ᠡ ᠲᠣᠭᠲᠠᠵᠤ᠂ ᠡᠨᠡ ᠬᠦ ᠰᠤᠳᠤᠯᠭᠠᠨ ᠤ ᠦᠷ᠎ᠡ ᠪᠦᠲᠦᠭᠡᠯ ᠢ ᠵᠢᠦ ᠲᠠᠢ ᠪᠦᠯᠦᠭᠯᠡᠯ ᠳᠤ ᠤᠯᠠᠷᠢᠭᠤᠯᠪᠠ᠃ ᠡᠨᠡ ᠪᠣᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠩᠬᠠᠳᠠᠭᠴᠢ ᠮᠢᠩᠭᠠᠨ ᠲᠦᠮᠡᠨ ᠲᠥᠭᠦᠷᠢᠭ ᠤᠨ ᠲᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠤᠯᠠᠷᠢᠭᠤᠯᠤᠭᠰᠠᠨ ᠦᠷ᠎ᠡ ᠪᠦᠲᠦᠭᠡᠯ ᠪᠣᠯᠣᠨ᠎ᠠ᠃ 2023 ᠣᠨ ᠳᠤ᠂ ᠭᠦᠭᠡᠬᠤᠲᠠ 25 ᠵᠦᠢᠯ ᠤᠨ ᠰᠢᠨ᠎ᠡ ᠮᠡᠷᠭᠡᠵᠢᠯ ᠰᠢᠨ᠎ᠡ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠢᠱᠢᠯᠲᠡ ᠪᠠᠷ ᠵᠢᠯ ᠳᠤᠮᠳᠠᠴᠢ ᠪᠠᠷ ᠳ᠋ᠦᠩᠰᠢᠭᠤᠷ ᠰᠢᠬᠠᠮ ᠲᠥᠭᠦᠷᠢᠭ ᠤᠨ ᠠᠵᠤ ᠠᠬᠤᠢ ᠶᠢᠨ ᠠᠰᠢᠭ ᠣᠯᠵᠠᠪᠤᠷᠢ ᠶᠢ ᠰᠢᠨ᠎ᠡ ᠪᠠᠷ ᠨᠡᠮᠡᠭᠳᠡᠭᠦᠯᠬᠦ ᠪᠣᠯᠣᠨ᠎ᠠ᠃      ᠣᠳᠣᠬᠠᠨ ᠪᠤᠯᠲᠠᠯ᠎ᠠ᠂ ᠪᠦᠭᠦ ᠬᠤᠲᠠ ᠳᠤ ᠮᠡᠷᠭᠡᠵᠢᠯ ᠢ ᠤᠯᠠᠷᠢᠭᠤᠯᠬᠤ ᠪᠠᠶᠢᠭᠤᠯᠤᠮᠵᠢ ᠶᠢ ᠨᠡᠶᠢᠲᠡ 34 ᠪᠣᠶᠢᠵᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠴᠢᠯᠡᠭᠡᠨ ᠤ ᠲᠤᠰᠬᠠᠢ ᠠᠵᠢᠯᠲᠠᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠡᠭᠦᠨ ᠳᠤ ᠮᠡᠷᠭᠡᠵᠢᠯ ᠤᠨ ᠵᠠᠭᠤᠴᠢᠯᠠᠭᠴᠢ 1273 ᠬᠥᠮᠥᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠨᠴᠠ ᠲᠣᠮᠢᠯᠠᠭᠴᠢ 1178 ᠬᠥᠮᠥᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ 800 ᠬᠥᠮᠥᠨ ᠪᠠᠶᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号