ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ ᠬᠥᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2024/6/6
ᠵᠣᠴᠢᠨ᠄ ᠬᠥᠬᠡᠬᠤᠲᠠ ᠶᠢᠨ ᠬᠥᠮᠥᠨ ᠤ  ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠰᠠᠯᠠᠭᠠᠨ ᠳᠠᠷᠤᠭ᠎ᠠ ᠰᠢᠦᠢ ᠶᠢᠩ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠯᠢᠶᠠᠩ ᠿᠦᠩ            ᠬᠠᠮᠢᠶᠠᠷᠤᠭᠴᠢ᠄            ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠭᠡᠭᠴᠢ ᠶᠠᠭᠤ ᠪᠣᠢ︖ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠤᠨ ᠪᠡᠶᠡᠴᠢ ᠴᠣᠭᠴᠠ ᠶᠢ ᠬᠡᠷᠬᠢᠨ ᠲᠣᠭᠲᠠᠭᠠᠭᠰᠠᠨ ᠪᠣᠢ︖            ᠰᠢᠦᠢ ᠶᠢᠩ᠄            ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠪᠣᠯ ᠠᠵᠢᠯ ᠠᠴᠠ ᠪᠣᠯᠣᠭᠰᠠᠨ ᠭᠡᠨᠡᠳᠡᠯ ᠤᠨ ᠬᠥᠨᠥᠭᠡᠯ ᠪᠤᠶᠤ ᠠᠵᠢᠯ ᠤᠨ ᠨᠥᠯᠥᠭᠡᠨ ᠤ ᠡᠪᠡᠳᠴᠢᠨ ᠳᠤ ᠨᠡᠷᠪᠡᠭᠳᠡᠭᠰᠡᠨ ᠠᠵᠢᠯᠲᠠᠨ ᠤ ᠡᠮᠴᠢᠯᠡᠭᠡ ᠠᠪᠤᠷᠠᠯᠲᠠ ᠪᠠ ᠠᠵᠤ ᠠᠬᠤᠢ ᠶᠢᠨ ᠨᠥᠬᠦᠪᠦᠷᠢ ᠶᠢ ᠪᠠᠲᠤᠯᠠᠵᠤ᠂ ᠠᠵᠢᠯ ᠠᠴᠠ ᠪᠣᠯᠣᠭᠰᠠᠨ ᠭᠡᠮᠲᠦᠯ ᠢ ᠰᠡᠷᠭᠡᠶᠢᠯᠡᠬᠦ ᠪᠠ ᠠᠵᠢᠯ ᠮᠡᠷᠭᠡᠵᠢᠯ ᠳᠤ ᠡᠷᠡᠭᠦᠯᠵᠢᠭᠦᠯᠵᠦ᠂ ᠬᠥᠮᠥᠨ ᠬᠡᠷᠡᠭᠯᠡᠬᠦ ᠨᠢᠭᠡᠴᠢ ᠶᠢᠨ ᠠᠵᠢᠯ ᠠᠴᠠ ᠪᠣᠯᠣᠭᠰᠠᠨ ᠭᠡᠮᠲᠦᠯ ᠤᠨ ᠠᠶᠤᠯ ᠲᠦᠭᠰᠢᠭᠦᠷᠢ ᠶᠢ ᠨᠢᠮᠭᠡᠯᠡᠬᠦ ᠶᠢᠨ ᠲᠥᠯᠥᠭᠡ ᠶᠤᠮ᠃            ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠤᠨ ᠪᠡᠶᠡᠴᠢ ᠴᠣᠭᠴᠠ᠄ ᠨᠢᠭᠡ ᠨᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ ᠪᠠᠶᠢᠭ᠎ᠠ ᠨᠢᠭᠡᠴᠢ᠃ ᠬᠤᠶᠠᠷ ᠨᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠰᠠᠳᠤᠨ᠂ ᠠᠵᠢᠯᠲᠠᠨ ᠤ ᠡᠪᠯᠡᠯ ᠤᠨ ᠵᠣᠬᠢᠶᠠᠨ ᠪᠠᠶᠢᠭᠤᠯᠤᠯᠲᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠬᠤ ᠬᠤᠭᠤᠴᠠᠭ᠎ᠠ ᠵᠢᠴᠢ ᠬᠦᠯᠢᠶᠡᠨ ᠠᠪᠬᠤ ᠰᠠᠯᠠᠭ᠎ᠠ ᠮᠥᠴᠢᠷ ᠨᠢ ᠶᠠᠭᠤ ᠪᠤᠢ︖            ᠯᠢᠶᠠᠩ ᠿᠦᠩ᠄            ᠠᠵᠢᠯᠲᠠᠨ ᠠᠳᠡᠯ ᠭᠠᠷᠴᠤ ᠭᠡᠮᠲᠦᠭᠰᠡᠨ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠡᠪᠡᠳᠴᠢᠨ ᠢᠶᠠᠷ ᠣᠨᠣᠰᠢᠯᠠᠭᠳᠠᠠᠨ ᠬᠢᠨᠠᠨ ᠲᠣᠭᠲᠠᠭᠠᠭᠳᠠᠭᠰᠠᠨ ᠪᠠᠶᠢᠪᠠᠯ᠂ ᠪᠠᠶᠢᠭ᠎ᠠ ᠨᠢᠭᠡᠴᠢ ᠨᠢ ᠠᠳᠡᠯ ᠭᠠᠷᠴᠤ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠳᠠᠵᠤ ᠬᠢᠨᠠᠨ ᠲᠣᠭᠲᠠᠭᠠᠭᠳᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠬᠤ ᠬᠡᠷᠡᠭᠲᠡᠢ᠃      ᠬᠥᠮᠥᠨ ᠬᠡᠷᠡᠭᠯᠡᠬᠦ ᠨᠢᠭᠡᠴᠢ ᠡᠮᠦᠨᠡᠬᠢ ᠵᠦᠢᠯ ᠤᠨ ᠲᠣᠭᠲᠠᠭᠠᠯ ᠶᠣᠰᠣᠭᠠᠷ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠲᠦᠷᠦᠯ ᠰᠠᠳᠤᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠠᠴᠠ ᠠᠳᠡᠯ ᠭᠠᠷᠴᠤ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠭᠳᠠᠵᠤ᠂ ᠬᠢᠨᠠᠨ ᠲᠣᠭᠲᠠᠭᠠᠭᠳᠠᠭᠰᠠᠨ ᠡᠳᠦᠷ ᠠᠴᠠ ᠡᠬᠢᠯᠡᠨ 1 ᠵᠢᠯ ᠤᠨ ᠳᠣᠲᠣᠷ᠎ᠠ᠂ ᠬᠥᠮᠥᠨ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠤᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠨ ᠲᠣᠭᠲᠠᠭᠠᠯᠭᠠᠬᠤ ᠭᠤᠶᠤᠴᠢᠯᠠᠯ ᠢ ᠰᠢᠭᠤᠳ ᠳᠤᠷᠠᠳᠴᠤ ᠪᠣᠯᠣᠨ᠎ᠠ᠃      ᠣᠳᠣᠬᠠᠨ ᠳᠤ᠂ ᠬᠥᠬᠡᠬᠤᠲᠠ ᠶᠢᠨ ᠬᠤᠰᠢᠭᠤ ᠰᠢᠶᠠᠨ ᠳᠤ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠠᠵᠢᠯ ᠠᠴᠠ ᠪᠣᠯᠤᠭᠰᠠᠨ ᠭᠡᠮᠲᠦᠯ ᠭᠠᠷᠪᠠᠯ᠂ ᠡᠯ᠎ᠡ ᠬᠤᠰᠢᠭᠤ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠵᠤ᠂ ᠬᠥᠬᠡᠬᠤᠲᠠ ᠶᠢᠨ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠪᠠ ᠥᠪᠡᠷᠲᠡᠭᠡᠨ ᠵᠠᠰᠠᠬᠤ ᠣᠷᠣᠨ ᠤ ᠳᠠᠭᠠᠳᠬᠠᠯ ᠳᠤ ᠣᠷᠣᠯᠴᠠᠭᠰᠠᠨ ︵ᠬᠥᠮᠥᠨ ᠬᠡᠷᠡᠭᠯᠡᠬᠦ ᠨᠢᠭᠡᠴᠢ ᠨᠢ ᠬᠥᠬᠡᠬᠤᠲᠠ ᠳᠤ ᠪᠠᠶᠢᠬᠤ︶ ᠬᠥᠮᠥᠨ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠦᠭᠡᠢ ᠪᠣᠯ ᠠᠵᠢᠯ ᠠᠴᠠ ᠪᠣᠯᠤᠭᠰᠠᠨ ᠭᠡᠮᠲᠦᠯ ᠤᠨ ᠠᠳᠡᠯ ᠭᠠᠷᠤᠭᠰᠠᠨ ᠦᠢᠯᠡᠳᠪᠦᠷᠢᠯᠡᠯ ᠡᠵᠡᠩᠨᠡᠯᠲᠡ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠠᠵᠢᠯ ᠠᠴᠠ ᠪᠣᠯᠤᠭᠰᠠᠨ ᠭᠡᠮᠲᠦᠯ ᠤᠨ ᠭᠤᠶᠤᠴᠢᠯᠠᠯ ᠭᠠᠷᠭᠠᠨ᠎ᠠ᠃            ᠬᠥᠲᠥᠯᠥᠭᠴᠢ᠄            ᠬᠥᠮᠥᠨ ᠬᠡᠷᠡᠭᠯᠡᠬᠦ ᠨᠢᠭᠡᠴᠢ ᠠᠴᠠ ᠠᠳᠡᠯ ᠤᠨ ᠬᠥᠨᠥᠭᠡᠯ ᠡᠭᠦᠰᠦᠭᠰᠡᠨ ᠤ 30 ᠡᠳᠦᠷ ᠤᠨ ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠭᠰᠠᠨ ᠦᠭᠡᠢ ᠪᠣᠯ ᠶᠠᠮᠠᠷ ᠦᠷ᠎ᠡ ᠳ᠋ᠦᠩ ᠢ ᠡᠭᠦᠷᠭᠡᠯᠡᠬᠦ ᠪᠤᠢ︖
     ᠰᠢᠦᠢ ᠶᠢᠩ᠄            ᠬᠥᠮᠥᠨ ᠬᠡᠷᠡᠭᠯᠡᠬᠦ ᠨᠢᠭᠡᠴᠢ ᠠᠴᠠ ᠠᠳᠡᠯ ᠤᠨ ᠬᠥᠨᠥᠭᠡᠯ ᠡᠭᠦᠰᠦᠭᠰᠡᠨ ᠤ 30 ᠡᠳᠦᠷ ᠤᠨ ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠭᠰᠠᠨ ᠦᠭᠡᠢ ᠪᠣᠯ᠂ ᠡᠨᠡ ᠬᠤᠭᠤᠴᠠᠭᠠᠨ ᠳᠤ ᠡᠭᠦᠰᠦᠭᠰᠡᠨ ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠳᠤ ᠲᠣᠭᠲᠠᠭᠠᠭᠰᠠᠨ ᠠᠵᠢᠯ ᠠᠴᠠ ᠪᠣᠯᠣᠭᠰᠠᠨ ᠭᠡᠮᠲᠦᠯ ᠤᠨ ᠬᠠᠷᠠᠭᠠᠯᠵᠠᠯ ᠳᠤ ᠨᠡᠶᠢᠴᠡᠬᠦ ᠬᠠᠮᠢᠶ᠎ᠠ ᠪᠦᠬᠦᠢ ᠰᠦᠢᠳᠬᠡᠯ ᠢ ᠬᠥᠮᠥᠨ ᠬᠡᠷᠡᠭᠯᠡᠬᠦ ᠨᠢᠭᠡᠴᠢ ᠠᠴᠠ ᠡᠭᠦᠷᠭᠡᠯᠡᠨ᠎ᠡ᠃ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠵᠥᠪᠬᠡᠨ ᠮᠠᠭᠠᠳᠯᠠᠭᠰᠠᠨ ᠤ ᠰᠡᠭᠦᠯᠡᠷ ᠡᠭᠦᠰᠦᠭᠰᠡᠨ ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠳᠤ ᠲᠣᠭᠲᠠᠭᠠᠭᠰᠠᠨ ᠠᠵᠢᠯ ᠠᠴᠠ ᠪᠣᠯᠣᠭᠰᠠᠨ ᠭᠡᠮᠲᠦᠯ ᠤᠨ ᠬᠠᠷᠠᠭᠠᠯᠵᠠᠯ ᠳᠤ ᠨᠡᠶᠢᠴᠡᠬᠦ ᠬᠠᠮᠢᠶ᠎ᠠ ᠪᠦᠬᠦᠢ ᠰᠦᠢᠳᠬᠡᠯ ᠳᠤ ᠲᠠᠩᠰᠠ ᠴᠠᠶᠢᠯᠭᠠᠨ᠎ᠠ᠃            ᠬᠥᠲᠥᠯᠥᠭᠴᠢ᠄            ᠠᠵᠢᠯᠲᠠᠨ ᠠᠵᠢᠯ ᠠᠴᠠ ᠪᠣᠯᠵᠤ ᠭᠡᠮᠲᠦᠪᠡᠯ ᠶᠠᠭᠠᠬᠢᠪᠠᠯ ᠵᠣᠬᠢᠬᠤ ᠪᠣᠢ︖ ᠪᠣᠳᠠᠲᠠᠢ ᠶᠠᠮᠠᠷ ᠶᠠᠮᠠᠷ ᠭᠤᠶᠤᠴᠢᠯᠠᠯ ᠭᠠᠷᠭᠠᠬᠤ ᠪᠣᠢ︖            ᠰᠢᠦᠢ ᠶᠢᠩ᠄            ᠠᠵᠢᠯᠲᠠᠨ ᠠᠵᠢᠯ ᠠᠴᠠ ᠪᠣᠯᠵᠤ ᠭᠡᠮᠲᠦᠪᠡᠯ ᠳᠠᠷᠦ᠋ᠢᠬᠠᠨ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠶᠢᠨ ᠬᠠᠮᠲᠤ ᠬᠥᠮᠥᠨ ᠬᠡᠷᠡᠭᠯᠡᠬᠦ ᠨᠢᠭᠡᠴᠢ ᠳᠡᠭᠡᠨ ᠮᠡᠳᠡᠭᠦᠯᠬᠦ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠳᠤ ᠡᠮᠨᠡᠭᠦᠯᠦᠭᠰᠡᠨ ᠡᠭᠦᠳᠡᠨ ᠡᠮᠨᠡᠯᠭᠡ ᠶᠢᠨ ᠡᠪᠡᠳᠴᠢᠨ ᠤ ᠲᠡᠦᠬᠡ᠂ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠣᠨᠣᠰᠢᠯᠠᠭᠰᠠᠨ ᠭᠡᠷᠡᠴᠢ ᠵᠡᠷᠭᠡ ᠮᠠᠲ᠋ᠧᠷᠢᠶᠠᠯ ᠢᠶᠠᠨ ᠦᠯᠡᠳᠡᠭᠡᠬᠦ ᠬᠡᠷᠡᠭᠲᠡᠢ᠃            ᠨᠢᠭᠡᠳᠦᠭᠡᠷ ᠠᠯᠬᠤᠮ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠠᠴᠠ ᠠᠳᠡᠵᠦ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠵᠤ ᠬᠢᠨᠠᠨ ᠲᠣᠭᠲᠠᠭᠠᠭᠰᠠᠨ ᠡᠳᠦᠷ ᠠᠴᠠ 30 ᠡᠳᠦᠷ ᠤᠨ ᠳᠣᠲᠣᠷ᠎ᠠ᠂ ᠨᠢᠭᠡᠳᠦᠯᠲᠡᠢ ᠲᠥᠯᠥᠪᠯᠡᠬᠦ ᠣᠷᠣᠨ ᠤ ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠠᠴᠠ 30 ᠡᠳᠦᠷ ᠤᠨ ᠳᠣᠲᠣᠷ᠎ᠠ ᠭᠤᠶᠤᠴᠢᠯᠠᠯ ᠭᠠᠷᠭᠠᠭᠰᠠᠨ ᠦᠭᠡᠢ ᠪᠣᠯ᠂ ᠭᠡᠮᠲᠦᠭᠰᠡᠨ ᠠᠵᠢᠯᠲᠠᠨ ᠪᠤᠶᠤ ᠣᠶᠢᠷ᠎ᠠ ᠲᠥᠷᠥᠯ ᠰᠠᠳᠤᠨ ᠨᠢ ᠠᠳᠡᠵᠦ ᠭᠡᠮᠲᠦᠭᠰᠡᠨ ᠡᠳᠦᠷ ᠪᠤᠶᠤ ᠠᠵᠢᠯ ᠤᠨ ᠨᠥᠯᠥᠭᠡᠨ ᠤ ᠡᠪᠡᠳᠴᠢᠨ ᠢᠶᠠᠷ ᠣᠨᠣᠰᠢᠯᠠᠵᠤ ᠬᠢᠨᠠᠨ ᠲᠣᠭᠲᠠᠭᠠᠭᠰᠠᠨ ᠡᠳᠦᠷ ᠠᠴᠠ 1 ᠵᠢᠯ ᠤᠨ ᠳᠣᠲᠣᠷ᠎ᠠ ᠭᠤᠶᠤᠴᠢᠯᠠᠯ ᠭᠠᠷᠭᠠᠵᠤ ᠪᠣᠯᠣᠨ᠎ᠠ᠃ 1 ᠵᠢᠯ ᠤᠨ ᠳᠣᠲᠣᠷ᠎ᠠ ᠭᠤᠶᠤᠴᠢᠯᠠᠯ ᠭᠠᠷᠭᠠᠭᠰᠠᠨ ᠦᠭᠡᠢ ᠪᠣᠯ ᠲᠠᠬᠢᠵᠤ ᠬᠦᠯᠢᠶᠡᠨ ᠰᠢᠢᠳᠪᠦᠷᠢᠯᠡᠬᠦ ᠦᠭᠡᠢ᠃            ᠬᠤᠶᠠᠳᠤᠭᠠᠷ ᠠᠯᠬᠤᠮ᠂ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠠᠴᠠ ᠪᠣᠯᠣᠭᠰᠠᠨ ᠭᠡᠮᠲᠦᠯ ᠢᠶᠠᠷ ᠵᠥᠪᠰᠢᠶᠡᠷᠡᠭᠳᠡᠭᠰᠡᠨ ᠮᠥᠷᠲᠡᠭᠡᠨ ᠡᠮᠴᠢᠯᠡᠭᠡ ᠶᠢᠨ ᠳᠠᠷᠠᠭ᠎ᠠ ᠵᠡᠮᠳᠡᠭ ᠪᠣᠯᠣᠭᠰᠠᠨ ᠪᠤᠶᠤ ᠬᠥᠳᠡᠯᠮᠦᠷᠢᠯᠡᠬᠦ ᠴᠢᠳᠠᠪᠤᠷᠢ ᠶᠢ ᠨᠥᠯᠥᠭᠡᠯᠡᠭᠰᠡᠨ ᠪᠣᠯ ᠬᠤᠲᠠ ᠶᠢᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠳᠤ ᠬᠥᠳᠡᠯᠮᠦᠷᠢᠯᠡᠬᠦ ᠴᠢᠳᠠᠪᠤᠷᠢ ᠶᠢ ᠮᠠᠭᠠᠳᠯᠠᠬᠤ ᠭᠤᠶᠤᠴᠢᠯᠠᠯ ᠭᠠᠷᠭᠠᠵᠤ ᠪᠣᠯᠣᠨ᠎ᠠ᠃            ᠭᠤᠷᠪᠠᠳᠤᠭᠠᠷ ᠠᠯᠬᠤᠮ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠮᠡᠳᠡᠭᠦᠯᠦᠨ᠎ᠡ᠃ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠠᠴᠠ ᠪᠣᠯᠣᠭᠰᠠᠨ ᠭᠡᠮᠲᠦᠯ ᠢᠶᠠᠷ ᠵᠥᠪᠰᠢᠶᠡᠷᠡᠭᠳᠡᠭᠰᠡᠨ ᠪᠣᠯ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠳᠤ ᠡᠮᠨᠡᠭᠦᠯᠬᠦ ᠬᠤᠭᠤᠴᠠᠭᠠᠨ ᠤ ᠬᠠᠷᠠᠭᠠᠯᠵᠠᠯ ᠢ ᠭᠤᠶᠤᠴᠢᠯᠠᠨ᠎ᠠ᠃ ᠬᠡᠷᠪᠡ ᠬᠤᠲᠠ ᠶᠢᠨ ᠲᠡᠰ ᠤᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠠᠴᠠ 1 -10 ᠲᠡᠰ ᠢᠶᠠᠷ ᠬᠢᠨᠠᠨ ᠲᠣᠭᠲᠠᠭᠠᠭᠰᠠᠨ ᠪᠣᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠠᠴᠠ ᠠᠵᠢᠯ ᠠᠴᠠ ᠪᠣᠯᠵᠤ ᠰᠢᠷᠬᠠᠳᠤᠵᠤ ᠭᠡᠮᠲᠦᠭᠰᠡᠨ ᠵᠡᠮᠳᠡᠭᠴᠦᠳ ᠤᠨ ᠬᠠᠷᠠᠭᠠᠯᠵᠠᠯ ᠭᠤᠶᠤᠴᠢᠯᠠᠵᠤ ᠪᠣᠯᠣᠨ᠎ᠠ᠃            ᠬᠥᠲᠥᠯᠥᠭᠴᠢ᠄            ᠠᠵᠢᠯᠲᠠᠨ ᠤ ᠶᠠᠮᠠᠷ ᠪᠠᠶᠢᠳᠠᠯ ᠢ ᠠᠵᠢᠯ ᠠᠴᠠ ᠪᠣᠯᠣᠭᠰᠠᠨ ᠭᠡᠮᠲᠦᠯ ᠡᠰᠡᠬᠦᠯ᠎ᠡ ᠠᠵᠢᠯ ᠠᠴᠠ ᠪᠣᠯᠣᠭᠰᠠᠨ ᠭᠡᠮᠲᠦᠯ ᠲᠠᠢ ᠠᠳᠠᠯᠢ ᠪᠠᠷ ᠬᠢᠨᠠᠨ ᠲᠣᠭᠲᠠᠭᠠᠬᠤ ᠪᠤᠢ︖            ᠯᠢᠶᠠᠩ ᠿᠦᠩ᠄            ᠳᠣᠣᠷ᠎ᠠ ᠬᠡᠳᠦᠨ ᠵᠦᠢᠯ ᠤᠨ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠢᠶᠠᠷ ᠬᠢᠨᠠᠨ ᠲᠣᠭᠲᠠᠭᠠᠨ᠎ᠠ᠄      ︵ᠨᠢᠭᠡ︶ ᠠᠵᠢᠯ ᠤᠨ ᠴᠠᠭ ᠪᠠ ᠠᠵᠢᠯ ᠤᠨ ᠭᠠᠵᠠᠷ ᠲᠤ ᠠᠵᠢᠯ ᠤᠨ ᠰᠢᠯᠲᠠᠭᠠᠨ ᠠᠴᠠ ᠪᠣᠯᠵᠤ ᠠᠳᠡᠵᠦ ᠭᠡᠮᠲᠦᠭᠰᠡᠨ︔            ︵ᠬᠤᠶᠠᠷ︶ ᠠᠵᠢᠯᠯᠠᠬᠤ ᠴᠠᠭ ᠤᠨ ᠤᠷᠢᠳ ᠬᠤᠵᠢᠳ ᠠᠵᠢᠯᠯᠠᠬᠤ ᠭᠠᠵᠠᠷ ᠲᠤ ᠠᠵᠢᠯ ᠲᠠᠢ ᠬᠤᠯᠪᠣᠭᠳᠠᠬᠤ ᠪᠡᠯᠡᠳᠬᠡᠯ ᠤᠨ ᠴᠢᠨᠠᠷᠲᠠᠢ ᠪᠤᠶᠤ ᠰᠡᠬᠦᠯ ᠬᠤᠷᠢᠶᠠᠬᠤ ᠴᠢᠨᠠᠷᠲᠠᠢ ᠠᠵᠢᠯ ᠢ ᠬᠢᠭᠡᠳ ᠠᠳᠡᠵᠦ ᠭᠡᠮᠲᠦᠭᠰᠡᠨ︔            ︵ᠭᠤᠷᠪᠠ︶ ᠠᠵᠢᠯᠯᠠᠬᠤ ᠴᠠᠭ ᠪᠠ ᠠᠵᠢᠯ ᠤᠨ ᠭᠠᠵᠠᠷ ᠲᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠴᠠ ᠪᠣᠯᠵᠤ ᠬᠦᠴᠦᠷᠬᠡᠭᠯᠡᠯ ᠵᠡᠷᠭᠡ ᠰᠠᠨᠠᠭᠠᠨ ᠳᠤ ᠦᠭᠡᠢ ᠭᠡᠮᠲᠦᠯ ᠳᠤ ᠤᠴᠠᠷᠠᠭᠰᠠᠨ︔            ︵ᠳᠥᠷᠪᠡ︶ ᠠᠵᠢᠯ ᠤᠨ ᠨᠥᠯᠥᠭᠡᠨ ᠤ ᠡᠪᠡᠳᠴᠢᠨ ᠣᠯᠣᠭᠰᠠᠨ︔            ︵ᠲᠠᠪᠤ︶ ᠠᠵᠢᠯ ᠢᠶᠠᠷ ᠭᠠᠳᠠᠭᠰᠢ ᠭᠠᠷᠤᠭᠰᠠᠨ ᠬᠤᠭᠤᠴᠠᠭᠠᠨ ᠳᠤ ᠠᠵᠢᠯ ᠤᠨ ᠰᠢᠯᠲᠠᠭᠠᠨ ᠠᠴᠠ ᠪᠣᠯᠵᠤ ᠭᠡᠮᠲᠦᠭᠰᠡᠨ ᠪᠤᠶᠤ ᠠᠳᠡᠯ ᠭᠠᠷᠤᠭᠠᠳ ᠰᠤᠷᠠᠭ ᠦᠭᠡᠢ ᠪᠣᠯᠤᠭᠰᠠᠨ︔            ︵ᠵᠢᠷᠭᠤᠭ᠎ᠠ︶ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠵᠠᠮ ᠳᠠᠭᠠᠨ ᠲᠤᠰ ᠬᠥᠮᠥᠨ ᠤ ᠭᠤᠣᠯ ᠬᠠᠷᠢᠭᠤᠴᠠᠯᠭ᠎ᠠ ᠶᠢᠨ ᠪᠤᠰᠤ ᠵᠠᠮ ᠬᠠᠷᠢᠯᠴᠠᠭᠠᠨ ᠤ ᠠᠳᠡᠯ ᠪᠤᠶᠤ ᠬᠤᠳᠠ ᠶᠢᠨ ᠵᠢᠮᠳᠤ ᠵᠠᠮ ᠬᠠᠷᠢᠯᠴᠠᠭ᠎ᠠ᠂ ᠠᠶᠠᠨᠴᠢᠳ ᠤᠨ ᠲᠡᠭᠡᠭᠡᠪᠦᠷᠢ ᠣᠩᠭᠤᠴᠠ᠂ ᠭᠠᠯᠲᠤ ᠲᠡᠷᠭᠡᠨ ᠤ ᠠᠳᠡᠯ ᠠᠴᠠ ᠪᠣᠯᠵᠤ ᠭᠡᠮᠲᠦᠭᠰᠡᠨ︔            ︵ᠲᠤᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠠᠴᠠ ᠪᠣᠯᠤᠭᠰᠠᠨ ᠭᠡᠮᠲᠦᠯ ᠭᠡᠵᠦ ᠬᠢᠨᠠᠨ ᠲᠣᠭᠲᠠᠭᠠᠬᠤ ᠶᠣᠰᠣᠲᠠᠢ ᠪᠤᠰᠤᠳ ᠪᠠᠶᠢᠳᠠᠯ ᠤᠳ᠃            ᠳᠣᠣᠷ᠎ᠠ ᠬᠡᠳᠦᠨ ᠵᠦᠢᠯ ᠤᠨ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠲᠠᠢ ᠠᠳᠠᠯᠢ ᠪᠠᠷ ᠬᠢᠨᠠᠨ ᠲᠣᠭᠲᠠᠭᠠᠨ᠎ᠠ᠄            ︵ᠨᠢᠭᠡ︶ ᠠᠵᠢᠯ ᠤᠨ ᠴᠠᠭ ᠪᠠ ᠠᠵᠢᠯ ᠤᠨ ᠪᠠᠶᠢᠷᠢᠨ ᠳᠡᠭᠡᠷ᠎ᠡ᠂ ᠭᠡᠨᠡᠳᠲᠡ ᠶᠢᠨ ᠡᠪᠡᠳᠴᠢᠨ ᠢᠶᠠᠷ ᠦᠬᠦᠭᠰᠡᠨ ᠪᠤᠶᠤ 48 ᠴᠠᠭ ᠤᠨ ᠳᠣᠲᠣᠷ᠎ᠠ ᠠᠪᠤᠷᠠᠭᠠᠳ ᠲᠤᠰᠠ ᠪᠣᠯᠣᠭᠰᠠᠨ ᠦᠭᠡᠢ ᠦᠬᠦᠭᠰᠡᠨ︔            ︵ᠬᠤᠶᠠᠷ︶ ᠠᠶᠤᠯ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠵᠡᠷᠭᠡ ᠤᠯᠤᠰ ᠤᠨ ᠠᠰᠢᠭ ᠲᠤᠰᠠ᠂ ᠣᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯᠯᠠᠭ᠎ᠠ ᠳᠤᠮᠳᠠ ᠰᠢᠷᠬᠠᠳᠤᠵᠤ ᠭᠡᠮᠲᠦᠭᠰᠡᠨ︔            ︵ᠭᠤᠷᠪᠠ︶ ᠠᠵᠢᠯᠲᠠᠨ ᠤᠤᠯ ᠨᠢ ᠴᠡᠷᠢᠭ ᠲᠤ ᠶᠠᠪᠤᠵᠤ᠂ ᠳᠠᠶᠢᠨ ᠤ ᠰᠢᠯᠲᠠᠭᠠᠨ᠂ ᠠᠯᠪᠠᠨ ᠤ ᠲᠥᠯᠥᠭᠡ ᠰᠢᠷᠬᠠᠳᠤᠵᠤ ᠵᠡᠮᠳᠡᠭ ᠪᠣᠯᠵᠤ᠂ ᠬᠤᠪᠢᠰᠬᠠᠯ ᠤᠨ ᠵᠡᠮᠳᠡᠭ ᠴᠡᠷᠢᠭ ᠤᠨ ᠦᠨᠡᠮᠯᠡᠯ ᠣᠯᠵᠤ᠂ ᠬᠥᠮᠥᠨ ᠬᠡᠷᠡᠭᠯᠡᠬᠦ ᠨᠢᠭᠡᠴᠢ ᠳᠤ ᠢᠷᠡᠭᠡᠳ ᠬᠠᠭᠤᠴᠢᠨ ᠰᠢᠷᠬ᠎ᠠ ᠨᠢ ᠳᠠᠬᠢᠭᠰᠠᠨ︔            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠬᠢᠨᠠᠨ ᠲᠣᠭᠲᠠᠭᠠᠬᠤ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠢ ᠪᠣᠢ︖            ᠰᠢᠦᠢ ᠶᠢᠩ᠄            ︵ᠨᠢᠭᠡ︶ ᠠᠵᠢᠯ ᠠᠴᠠ ᠪᠣᠯᠣᠭᠰᠠᠨ ᠭᠡᠮᠲᠦᠯ ᠢ ᠬᠢᠨᠠᠨ ᠲᠣᠭᠲᠠᠭᠠᠬᠤ ᠭᠤᠶᠤᠴᠢᠯᠠᠯ ᠤᠨ ᠬᠥᠰᠥᠨᠥᠭᠲᠦ︔      ︵ᠬᠤᠶᠠᠷ︶ ᠬᠥᠮᠥᠨ ᠬᠡᠷᠡᠭᠯᠡᠬᠦ ᠨᠢᠭᠡᠴᠢ ᠲᠠᠢ ᠬᠥᠳᠡᠯᠮᠦᠷᠢ ᠶᠢᠨ ᠬᠠᠷᠢᠴᠠᠭ᠎ᠠ ︵ᠪᠣᠳᠠᠲᠠᠢ ᠬᠥᠳᠡᠯᠮᠦᠷᠢ ᠶᠢᠨ ᠬᠠᠷᠢᠴᠠᠭ᠎ᠠ ᠪᠠᠭᠲᠠᠨ᠎ᠠ︶ ᠲᠠᠢ ᠭᠡᠰᠡᠨ ᠢ ᠭᠡᠷᠡᠴᠢᠯᠡᠬᠦ ᠮᠠᠲ᠋ᠧᠷᠢᠶᠠᠯ︔            ︵ᠭᠤᠷᠪᠠ︶ ᠡᠮᠴᠢᠯᠡᠭᠡᠨ ᠤ ᠣᠨᠣᠰᠢᠯᠠᠯᠲᠠ ᠶᠢᠨ ᠪᠢᠴᠢᠭ ᠪᠤᠶᠤ ᠠᠵᠢᠯ ᠤᠨ ᠨᠥᠯᠥᠭᠡᠨ ᠤ ᠡᠪᠡᠳᠴᠢᠨ ᠤ ᠣᠨᠣᠰᠢᠯᠠᠯᠲᠠ ᠶᠢᠨ ᠪᠢᠴᠢᠭ ︵ᠡᠰᠡᠬᠦᠯ᠎ᠡ ᠠᠵᠢᠯ ᠤᠨ ᠨᠥᠯᠥᠭᠡᠨ ᠤ ᠡᠪᠡᠳᠴᠢᠨ ᠤ ᠣᠨᠣᠰᠢᠯᠠᠯᠲᠠ ᠶᠢ ᠬᠢᠨᠠᠨ ᠲᠣᠭᠲᠠᠭᠠᠭᠰᠠᠨ ᠪᠢᠴᠢᠭ︶᠃            ᠬᠥᠲᠥᠯᠥᠭᠴᠢ᠄            ᠠᠵᠢᠯ ᠠᠴᠠ ᠪᠣᠯᠵᠤ ᠭᠡᠮᠲᠦᠭᠰᠡᠨ ᠤ ᠳᠠᠷᠠᠭ᠎ᠠ᠂ ᠬᠥᠮᠥᠨ ᠬᠡᠷᠡᠭᠯᠡᠬᠦ ᠨᠢᠭᠡᠴᠢ ᠠᠴᠠ ᠬᠠᠮᠢᠶᠠᠷᠬᠤ ᠦᠭᠡᠢ ᠪᠥᠭᠡᠳ ᠬᠤᠪᠢ ᠬᠥᠮᠥᠨ ᠨᠢ ᠬᠥᠳᠡᠯᠮᠦᠷᠢ ᠶᠢᠨ ᠭᠡᠷ᠎ᠡ ᠬᠠᠩᠭᠠᠵᠤ ᠳᠡᠶᠢᠯᠬᠦ ᠦᠭᠡᠢ ᠪᠣᠯ ᠶᠠᠭᠠᠬᠢᠬᠤ ᠪᠤᠢ︖            ᠰᠢᠦᠢ ᠶᠢᠩ᠄            ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠶᠢ ᠭᠤᠶᠤᠴᠢᠯᠠᠬᠤ ᠳᠤ ᠡᠷᠬᠡᠪᠰᠢ ᠬᠥᠮᠥᠨ ᠬᠡᠷᠡᠭᠯᠡᠬᠦ  ᠨᠢᠭᠡᠴᠢ ᠲᠠᠢ ᠬᠥᠳᠡᠯᠮᠦᠷᠢ ᠶᠢᠨ ᠬᠠᠷᠢᠴᠠᠭ᠎ᠠ ︵ᠪᠣᠳᠠᠲᠠᠢ ᠬᠥᠳᠡᠯᠮᠦᠷᠢ ᠶᠢᠨ ᠬᠠᠷᠢᠴᠠᠭ᠎ᠠ ᠪᠠᠭᠲᠠᠨ᠎ᠠ︶ ᠪᠠᠶᠢᠬᠤ ᠶᠢ ᠭᠡᠷᠡᠴᠢᠯᠡᠬᠦ ᠮᠠᠲ᠋ᠧᠷᠢᠶᠠᠯ ᠪᠠᠶᠢᠬᠤ ᠬᠡᠷᠡᠭᠲᠡᠢ᠂ ᠬᠡᠷᠪᠡ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠡᠭᠦᠨ ᠢ ᠬᠠᠩᠭᠠᠵᠤ ᠳᠡᠶᠢᠯᠬᠦ ᠦᠭᠡᠢ ᠪᠣᠯ᠂ ᠠᠳᠡᠯ ᠭᠠᠷᠤᠭᠰᠠᠨ ᠭᠠᠵᠠᠷ ᠤᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠵᠥᠪᠯᠡᠯ ᠳᠤ ᠬᠦᠷᠴᠦ ᠬᠥᠮᠥᠨ ᠬᠡᠷᠡᠭᠯᠡᠬᠦ ᠨᠢᠭᠡᠴᠢ ᠯᠦᠭᠡ ᠶᠢᠨ ᠬᠥᠳᠡᠯᠮᠦᠷᠢ ᠶᠢᠨ ᠬᠠᠷᠢᠴᠠᠭ᠎ᠠ ᠪᠠᠨ ᠲᠣᠭᠲᠠᠭᠠᠯᠭᠠᠵᠤ᠂ ᠲᠠᠬᠢᠨ ᠨᠢᠭᠡᠳᠦᠯᠲᠡᠢ ᠲᠥᠯᠥᠪᠵᠢᠭᠦᠯᠬᠦ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠤᠯᠵᠤ ᠪᠣᠯᠣᠨ᠎ᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠶᠢ ᠶᠠᠭᠠᠬᠢᠵᠤ ᠭᠤᠶᠤᠴᠢᠯᠠᠬᠤ ᠪᠤᠢ︖            ᠯᠢᠶᠠᠩ ᠿᠦᠩ᠄            ᠣᠳᠣ ᠰᠦᠯᠵᠢᠶᠡᠨ ᠳᠡᠭᠡᠷ᠎ᠡ ᠭᠤᠶᠤᠴᠢᠯᠠᠨ᠎ᠠ᠂ ᠬᠥᠮᠥᠨ ᠬᠡᠷᠡᠭᠯᠡᠬᠦ ᠨᠢᠭᠡᠴᠢ ᠪᠠ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶᠡᠨ ᠤ ᠰᠦᠯᠵᠢᠶᠡᠨ ᠳᠡᠭᠡᠷ᠎ᠡ ᠤᠴᠢᠷ ᠭᠦᠢᠴᠡᠳᠬᠡᠬᠦ ᠰᠤᠪᠠᠭ ᠢᠶᠠᠷ ᠳᠠᠮᠵᠢᠨ ᠭᠤᠶᠤᠴᠢᠯᠠᠵᠤ ᠪᠣᠯᠣᠨ᠎ᠠ᠂ ᠬᠤᠪᠢ ᠬᠥᠮᠥᠨ ᠪᠠᠰᠠ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ APP ᠳᠡᠭᠡᠷ᠎ᠡ ᠳᠠᠩᠰᠠᠯᠠᠭᠤᠯᠵᠤ ᠭᠤᠶᠤᠴᠢᠯᠠᠵᠤ ᠪᠣᠯᠣᠨ᠎ᠠ᠃            ᠰᠦᠯᠵᠢᠶᠡᠨ ᠳᠡᠭᠡᠷ᠎ᠡ ᠭᠤᠶᠤᠴᠢᠯᠠᠬᠤ ᠳᠤ ᠦᠨᠡᠬᠡᠷᠡᠨ ᠬᠦᠴᠢᠷ ᠲᠠᠢ ᠪᠣᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠶᠠᠳᠤᠭᠠᠷ ᠳᠠᠪᠬᠤᠷᠭ᠎ᠠ ᠳᠤ ᠭᠠᠷᠴᠤ ᠶᠡᠷᠦᠩᠬᠡᠶᠢᠯᠡᠭᠰᠡᠨ ᠴᠣᠩᠬᠤᠨ ᠳᠡᠭᠡᠷ᠎ᠡ ᠭᠦᠢᠴᠡᠳᠬᠡᠵᠦ ᠪᠣᠯᠣᠨ᠎ᠠ᠃            ᠬᠥᠲᠥᠯᠥᠭᠴᠢ᠄            ᠶᠠᠮᠠᠷ ᠶᠠᠮᠠᠷ ᠪᠠᠶᠢᠳᠠᠯ ᠳᠣᠣᠷ᠎ᠠ ᠠᠵᠢᠯ ᠠᠴᠠ ᠪᠣᠯᠣᠭᠰᠠᠨ ᠭᠡᠮᠲᠦᠯ ᠪᠤᠶᠤ ᠲᠡᠭᠦᠨ ᠲᠠᠢ ᠠᠳᠠᠯᠢ ᠪᠠᠷ ᠮᠠᠭᠠᠳᠯᠠᠬᠤ ᠦᠭᠡᠢ ᠪᠤᠢ︖ ᠵᠢᠱᠢᠶ᠎ᠡ ᠲᠠᠲᠠᠵᠤ ᠶᠠᠷᠢᠬᠤ ᠪᠣᠯᠪᠠᠤ︖            ᠰᠢᠦᠢ ᠶᠢᠩ᠄            ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ᠂ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠪᠣᠯᠪᠠᠴᠤ ᠳᠣᠣᠷᠠᠬᠢ ᠪᠠᠶᠢᠳᠠᠯ ᠤᠨ ᠨᠢᠭᠡ ᠶᠢ ᠬᠠᠩᠭᠠᠪᠠᠯ᠂ ᠠᠵᠢᠯ ᠠᠴᠠ ᠪᠣᠯᠣᠭᠰᠠᠨ ᠭᠡᠮᠲᠦᠯ ᠪᠤᠶᠤ ᠲᠡᠭᠦᠨ ᠲᠠᠢ ᠠᠳᠠᠯᠢ ᠪᠠᠷ ᠮᠠᠭᠠᠳᠯᠠᠬᠤ ᠦᠭᠡᠢ᠄            ︵ᠨᠢᠭᠡ︶ ᠵᠣᠷᠢᠭᠤᠳᠠ ᠶᠠᠯ᠎ᠠ ᠬᠢᠭᠰᠡᠨ︔            ︵ᠬᠤᠶᠠᠷ︶ ᠰᠣᠭᠲᠣᠭᠰᠠᠨ ᠪᠤᠶᠤ ᠬᠤᠣᠷ ᠲᠠᠲᠠᠭᠰᠠᠨ︔            ︵ᠭᠤᠷᠪᠠ︶ ᠥᠪᠡᠷ ᠢ ᠪᠠᠨ ᠭᠡᠮᠲᠦᠭᠡᠭᠰᠡᠨ ᠪᠤᠶᠤ ᠪᠡᠶ᠎ᠡ ᠪᠠᠨ ᠬᠤᠣᠷᠯᠠᠭᠰᠠᠨ᠃            ᠵᠢᠱᠢᠶᠡᠯᠡᠪᠡᠯ᠄ ᠶᠠᠮᠠᠷ ᠨᠢᠭᠡ ᠨᠢᠭᠡᠴᠢ ᠶᠢᠨ ᠠᠵᠢᠯᠲᠠᠨ ᠯᠢᠦ ᠣᠪᠣᠭᠲᠤ᠂ ᠠᠵᠢᠯ ᠤᠨ ᠡᠭᠦᠷᠭᠡ ᠪᠠᠷ ᠮᠠᠰᠢᠨ ᠪᠠᠷᠢᠨ ᠭᠠᠳᠠᠭᠰᠢ ᠭᠠᠷᠴᠤ ᠲᠡᠷᠭᠡᠨ ᠠᠳᠡᠯ ᠢᠶᠠᠷ ᠰᠢᠷᠬᠠᠳᠤᠵᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠠᠴᠠ ᠯᠢᠦ ᠣᠪᠣᠭᠲᠤ ᠶᠢ ᠰᠣᠭᠲᠣᠭᠤ ᠪᠠᠷ ᠮᠠᠰᠢᠨ ᠵᠢᠯᠣᠭᠤᠳᠤᠭᠰᠠᠨ᠂ ᠲᠤᠰ ᠠᠳᠡᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠬᠦ ᠪᠠᠷ ᠮᠠᠭᠠᠳᠯᠠᠪᠠ᠃ ᠯᠢᠦ ᠣᠪᠣᠭᠲᠤ ᠶᠢᠨ ᠠᠳᠡᠯ ᠤᠨ ᠭᠡᠮᠲᠦᠯ ᠨᠢ ᠬᠡᠳᠦ᠋ᠢᠪᠡᠷ ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠲᠠᠪᠤᠳᠤᠭᠠᠷ ᠵᠤᠷᠪᠤᠰ ᠤᠨ ᠠᠵᠢᠯ ᠠᠴᠠ ᠪᠣᠯᠣᠭᠰᠠᠨ ᠭᠡᠮᠲᠦᠯ ᠳᠤ ᠪᠣᠯᠪᠠᠴᠤ᠂ ᠯᠢᠦ ᠣᠪᠣᠭᠲᠤ ᠰᠣᠭᠲᠣᠭᠤ ᠪᠠᠷ ᠮᠠᠰᠢᠨ ᠵᠢᠯᠣᠭᠤᠳᠤᠭᠰᠠᠨ ᠠᠴᠠ ᠪᠣᠯᠵᠤ ᠠᠵᠢᠯ ᠠᠴᠠ ᠪᠣᠯᠣᠭᠰᠠᠨ ᠭᠡᠮᠲᠦᠯ ᠢᠶᠠᠷ ᠮᠠᠭᠠᠳᠯᠠᠬᠤ ᠦᠭᠡᠢ᠃            ᠬᠥᠲᠥᠯᠥᠭᠴᠢ᠄            ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠬᠤᠭᠤᠴᠠᠭ᠎ᠠ ᠶᠢ ᠶᠠᠭᠠᠬᠢᠵᠤ ᠲᠣᠭᠲᠠᠭᠠᠭᠰᠠᠨ ᠪᠤᠢ︖
         ᠯᠢᠶᠠᠩ ᠿᠦᠩ᠄            ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠢ ᠣᠯᠣᠭᠰᠠᠨ ᠤ 60 ᠡᠳᠦᠷ ᠤᠨ ᠳᠣᠲᠣᠷ᠎ᠠ ᠮᠠᠭᠠᠳᠯᠠᠭᠰᠠᠨ ᠰᠢᠢᠳᠪᠦᠷᠢ ᠭᠠᠷᠭᠠᠬᠤ ᠬᠡᠷᠡᠭᠲᠡᠢ ᠮᠥᠷᠲᠡᠭᠡᠨ ᠪᠢᠴᠢᠭ ᠢᠶᠠᠷ ᠭᠤᠶᠤᠴᠢᠯᠠᠭᠰᠠᠨ ᠬᠥᠮᠥᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠪᠠ ᠪᠠᠶᠢᠭ᠎ᠠ ᠨᠢᠭᠡᠴᠢ ᠳᠤᠨᠢ ᠮᠡᠳᠡᠭᠳᠡᠬᠦ ᠬᠡᠷᠡᠭᠲᠡᠢ᠃            ᠬᠥᠲᠥᠯᠥᠭᠴᠢ᠄            ᠠᠵᠢᠯᠲᠠᠨ ᠠᠵᠢᠯ ᠳᠤ ᠭᠠᠷᠬᠤ ᠠᠵᠢᠯ ᠠᠴᠠ ᠪᠠᠭᠤᠬᠤ ᠬᠤᠭᠤᠴᠠᠭᠠᠨ ᠳᠠᠭᠠᠨ ᠬᠠᠶᠠ ᠭᠡᠨᠡᠳᠡᠯ ᠭᠠᠷᠳᠠᠭ᠃ ᠲᠡᠭᠡᠪᠡᠯ ᠠᠵᠢᠯ ᠳᠤ ᠭᠠᠷᠬᠤ ᠠᠵᠢᠯ ᠠᠴᠠ ᠪᠠᠭᠤᠬᠤ ᠵᠠᠮ ᠳᠠᠭᠠᠨ ᠭᠡᠨᠡᠳᠡᠯ ᠭᠠᠷᠪᠠᠯ ᠠᠵᠢᠯ ᠠᠴᠠ ᠪᠣᠯᠣᠭᠰᠠᠨ ᠭᠡᠮᠲᠦᠯ ᠢᠶᠠᠷ ᠪᠣᠳᠣᠨ᠎ᠠ ᠤᠤ︖            ᠰᠢᠦᠢ ᠶᠢᠩ᠄            ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠠᠷᠪᠠᠨ ᠳᠥᠷᠪᠡᠳᠦᠭᠡᠷ ᠵᠦᠢᠯ ᠤᠨ ᠵᠢᠷᠭᠤᠳᠤᠭᠠᠷ ᠵᠤᠷᠪᠤᠰ ᠲᠤ ᠲᠣᠭᠲᠠᠭᠠᠭᠰᠠᠨ ᠢᠶᠠᠷ᠂ ᠠᠵᠢᠯ ᠳᠤ ᠭᠠᠷᠬᠤ ᠠᠵᠢᠯ ᠠᠴᠠ ᠪᠠᠭᠤᠬᠤ ᠵᠠᠮ ᠳᠠᠭᠠᠨ ᠲᠤᠰ ᠬᠥᠮᠥᠨ ᠤ ᠭᠤᠣᠯ ᠬᠠᠷᠢᠭᠤᠴᠠᠯᠭ᠎ᠠ ᠪᠢᠰᠢ ᠵᠠᠮ ᠬᠠᠷᠢᠯᠴᠠᠭᠠᠨ ᠤ ᠠᠳᠡᠯ ᠪᠤᠶᠤ ᠬᠤᠲᠠ ᠶᠢᠨ ᠵᠢᠮᠲᠦ ᠵᠠᠮ  ᠬᠠᠷᠢᠯᠴᠠᠭ᠎ᠠ᠂ ᠲᠡᠭᠡᠭᠡᠪᠦᠷᠢ ᠶᠢᠨ ᠮᠠᠰᠢᠨ ᠣᠩᠭᠤᠴᠠ᠂ ᠭᠠᠯᠲᠤ ᠲᠡᠷᠭᠡ ᠶᠢᠨ ᠠᠳᠡᠯ ᠠᠴᠠ ᠪᠣᠯᠵᠤ ᠭᠡᠮᠲᠦᠭᠰᠡᠨ ᠪᠣᠯ ᠠᠵᠢᠯ ᠠᠴᠠ ᠪᠣᠯᠣᠭᠰᠠᠨ ᠭᠡᠮᠲᠦᠯ ᠢᠶᠠᠷ ᠮᠠᠭᠠᠳᠯᠠᠨ᠎ᠠ᠃ ᠪᠤᠰᠤᠳ ᠠᠳᠡᠯ ᠢ ᠠᠵᠢᠯ ᠠᠴᠠ ᠪᠣᠯᠣᠭᠰᠠᠨ ᠭᠡᠮᠲᠦᠯ ᠢᠶᠠᠷ ᠪᠣᠳᠣᠬᠤ ᠦᠭᠡᠢ᠃            ᠬᠥᠲᠥᠯᠥᠭᠴᠢ᠄            ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ ᠪᠣᠯ ᠬᠥᠮᠥᠨ ᠬᠡᠷᠡᠭᠯᠡᠬᠦ ᠨᠢᠭᠡᠴᠢ ᠠᠴᠠ ᠠᠵᠢᠯ ᠠᠴᠠ ᠪᠣᠯᠣᠭᠰᠠᠨ ᠭᠡᠮᠲᠦᠯ ᠤᠨ ᠲᠥᠯᠥᠪᠦᠷᠢ ᠪᠠ ᠡᠮᠴᠢᠯᠡᠭᠡᠨ ᠤ ᠰᠦᠢᠳᠬᠡᠯ ᠢ ᠥᠭᠬᠦ ᠦᠭᠡᠢ ᠪᠠᠶᠢᠵᠤ ᠪᠣᠯᠣᠨ᠎ᠠ ᠤᠤ︖      ᠯᠢᠶᠠᠩ ᠿᠦᠩ᠄            ᠬᠡᠷᠪᠡ ᠬᠥᠮᠥᠨ ᠬᠡᠷᠡᠭᠯᠡᠬᠦ ᠨᠢᠭᠡᠴᠢ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠳᠤ ᠴᠤ ᠣᠷᠣᠯᠴᠠᠭᠰᠠᠨ ᠦᠭᠡᠢ ᠪᠣᠯ᠂ ᠠᠵᠢᠯᠲᠠᠨ ᠠᠵᠢᠯ ᠠᠴᠠ ᠪᠣᠯᠵᠤ ᠭᠡᠮᠲᠦᠭᠰᠡᠨ ᠤ ᠳᠠᠷᠠᠭ᠎ᠠ ᠬᠥᠮᠥᠨ ᠬᠡᠷᠡᠭᠯᠡᠬᠦ ᠨᠢᠭᠡᠴᠢ ᠠᠴᠠ ᠡᠮᠴᠢᠯᠡᠭᠡᠨ ᠤ ᠰᠦᠢᠳᠬᠡᠯ ᠪᠠ ᠠᠵᠢᠯ ᠠᠴᠠ ᠪᠣᠯᠣᠭᠰᠠᠨ ᠭᠡᠮᠲᠦᠯ ᠤᠨ ᠬᠠᠮᠢᠶ᠎ᠠ ᠪᠦᠬᠦᠢ ᠬᠠᠷᠠᠭᠠᠯᠵᠠᠯ ᠢ ᠥᠭᠬᠦ ᠦᠭᠡᠢ ᠪᠠᠶᠢᠵᠤ ᠪᠣᠯᠬᠤ ᠦᠭᠡᠢ᠃ ︽ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠳᠦᠷᠢᠮ︾ ᠤᠨ ᠲᠣᠭᠲᠠᠭᠠᠯ ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ ᠢ ᠣᠯᠭᠤᠬᠤ ᠬᠡᠷᠡᠭᠲᠡᠢ᠃            ᠬᠥᠲᠥᠯᠥᠭᠴᠢ᠄            ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ ᠪᠣᠯ᠂ ᠠᠵᠢᠯ ᠰᠠᠭᠠᠲᠠᠭᠠᠭᠰᠠᠨ ᠢ ᠲᠥᠯᠥᠬᠦ ᠪᠠᠷᠢᠮᠵᠢᠶ᠎ᠠ ᠨᠢ ᠬᠡᠳᠦᠢ ᠪᠤᠢ︖      ᠯᠢᠶᠠᠩ ᠿᠦᠩ᠄            ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ ᠪᠣᠯ᠂ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠤᠤᠯ ᠤᠨ ᠴᠠᠯᠢᠩ ᠬᠥᠯᠥᠰᠦ ᠬᠤᠪᠢᠷᠠᠬᠤ ᠦᠭᠡᠢ᠂ ᠪᠠᠶᠢᠭ᠎ᠠ ᠨᠢᠭᠡᠴᠢ ᠠᠴᠠ ᠰᠠᠷ᠎ᠠ ᠪᠠᠷ ᠪᠣᠳᠣᠵᠤ ᠥᠭᠭᠦᠨ᠎ᠡ᠃            ᠥᠪᠡᠷ ᠤᠨ ᠪᠡᠶ᠎ᠡ ᠳᠡᠭᠡᠨ ᠵᠥᠪ ᠦᠭᠡᠢ ᠪᠣᠯᠣᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠠᠰᠠᠷᠠᠭᠤᠯᠬᠤ ᠴᠢᠬᠤᠯᠠ ᠲᠠᠢ ᠪᠣᠯ᠂ ᠪᠠᠶᠢᠭ᠎ᠠ ᠨᠢᠭᠡᠴᠢ ᠠᠴᠠ ᠡᠭᠦᠷᠭᠡᠯᠡᠨ᠎ᠡ᠃            ᠬᠥᠲᠥᠯᠥᠭᠴᠢ᠄            ᠬᠡᠷᠪᠡ ᠠᠵᠢᠯᠲᠠᠨ ︵ᠪᠤᠶᠤ ᠣᠶᠢᠷ᠎ᠠ ᠰᠠᠳᠤᠨ︶ ᠠᠵᠢᠯ ᠠᠴᠠ ᠪᠣᠯᠣᠭᠰᠠᠨ ᠭᠡᠮᠲᠦᠯ ᠢᠶᠠᠷ ᠦᠵᠡᠵᠦ᠂ ᠬᠠᠷᠢᠨ ᠪᠠᠶᠢᠭ᠎ᠠ ᠨᠢᠭᠡᠴᠢ ᠨᠢ ᠲᠡᠭᠡᠵᠦ ᠦᠵᠡᠬᠦ ᠦᠭᠡᠢ ᠪᠣᠯ ᠶᠠᠭᠠᠬᠢᠪᠠᠯ ᠵᠣᠬᠢᠬᠤ ᠪᠣᠢ︖            ᠬᠥᠲᠥᠯᠥᠭᠴᠢ᠄            ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ ᠪᠣᠯ᠂ ᠠᠵᠢᠯ ᠰᠠᠭᠠᠲᠠᠭᠠᠭᠰᠠᠨ ᠢ ᠲᠥᠯᠥᠬᠦ ᠪᠠᠷᠢᠮᠵᠢᠶ᠎ᠠ ᠨᠢ ᠬᠡᠳᠦᠢ ᠪᠤᠢ︖      ᠯᠢᠶᠠᠩ ᠿᠦᠩ᠄            ᠠᠵᠢᠯ ᠠᠴᠠ ᠪᠣᠯᠵᠤ ᠭᠡᠮᠲᠦᠭᠡᠳ ᠪᠤᠶᠤ ᠠᠵᠢᠯ ᠤᠨ ᠨᠥᠯᠥᠭᠡᠨ ᠤ ᠡᠪᠡᠳᠴᠢᠨ ᠠᠴᠠ ᠪᠣᠯᠵᠤ ᠠᠵᠢᠯ ᠢᠶᠠᠨ ᠲᠦᠷ ᠵᠣᠭᠰᠣᠵᠤ ᠡᠮᠨᠡᠭᠦᠯᠬᠦ ᠴᠢᠬᠤᠯᠠ ᠲᠠᠢ ᠪᠣᠯ᠂ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠤᠤᠯ ᠤᠨ ᠴᠠᠯᠢᠩ ᠬᠥᠯᠥᠰᠦ ᠬᠤᠪᠢᠷᠠᠬᠤ ᠦᠭᠡᠢ᠂ ᠪᠠᠶᠢᠭ᠎ᠠ ᠨᠢᠭᠡᠴᠢ ᠠᠴᠠ ᠰᠠᠷ᠎ᠠ ᠪᠠᠷ ᠪᠣᠳᠣᠵᠤ ᠥᠭᠭᠦᠨ᠎ᠡ᠃            ᠥᠪᠡᠷ ᠤᠨ ᠪᠡᠶ᠎ᠡ ᠳᠡᠭᠡᠨ ᠵᠥᠪ ᠦᠭᠡᠢ ᠪᠣᠯᠣᠭᠰᠠᠨ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠠᠵᠢᠯ ᠢ ᠵᠣᠭᠰᠣᠭᠠᠵᠤ ᠴᠠᠯᠢᠩ ᠬᠥᠯᠥᠰᠦ ᠶᠢ ᠦᠯᠡᠳᠡᠭᠡᠬᠦ ᠬᠤᠭᠤᠴᠠᠭᠠᠨ ᠳᠤ ᠠᠰᠠᠷᠠᠭᠤᠯᠬᠤ ᠴᠢᠬᠤᠯᠠ ᠲᠠᠢ ᠪᠣᠯ᠂ ᠪᠠᠶᠢᠭ᠎ᠠ ᠨᠢᠭᠡᠴᠢ ᠠᠴᠠ ᠡᠭᠦᠷᠭᠡᠯᠡᠨ᠎ᠡ᠃            ᠬᠥᠲᠥᠯᠥᠭᠴᠢ᠄            ᠬᠡᠷᠪᠡ ᠠᠵᠢᠯᠲᠠᠨ ︵ᠪᠤᠶᠤ ᠣᠶᠢᠷ᠎ᠠ ᠰᠠᠳᠤᠨ︶ ᠠᠵᠢᠯ ᠠᠴᠠ ᠪᠣᠯᠣᠭᠰᠠᠨ ᠭᠡᠮᠲᠦᠯ ᠢᠶᠠᠷ ᠦᠵᠡᠵᠦ᠂ ᠬᠠᠷᠢᠨ ᠪᠠᠶᠢᠭ᠎ᠠ ᠨᠢᠭᠡᠴᠢ ᠨᠢ ᠲᠡᠭᠡᠵᠦ ᠦᠵᠡᠬᠦ ᠦᠭᠡᠢ ᠪᠣᠯ ᠶᠠᠭᠠᠬᠢᠪᠠᠯ ᠵᠣᠬᠢᠬᠤ ᠪᠣᠢ︖            ᠰᠢᠦᠢ ᠶᠢᠩ᠄            ᠡᠶᠢᠮᠦ ᠪᠠᠶᠢᠳᠠᠯ ᠳᠤ ᠬᠥᠮᠥᠨ ᠬᠡᠷᠡᠭᠯᠡᠬᠦ ᠨᠢᠭᠡᠴᠢ ᠠᠴᠠ ᠭᠡᠷᠡᠴᠢ ᠭᠠᠷᠭᠠᠬᠤ ᠬᠠᠷᠢᠭᠤᠴᠠᠯᠭ᠎ᠠ ᠲᠠᠢ ᠮᠥᠷᠲᠡᠭᠡᠨ ᠲᠣᠭᠲᠠᠭᠰᠠᠨ ᠬᠤᠭᠤᠴᠠᠭᠠᠨ ᠤ ᠳᠣᠲᠣᠷ᠎ᠠ ᠭᠡᠷᠡᠴᠢ ᠪᠠᠨ ᠲᠤᠰᠢᠶᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠭᠡᠷᠡᠴᠢ ᠭᠠᠷᠭᠠᠵᠤ ᠴᠢᠳᠠᠬᠤ ᠦᠭᠡᠢ ᠪᠤᠶᠤ ᠭᠡᠷᠡᠴᠢ ᠭᠠᠷᠭᠠᠬᠤ ᠦᠭᠡᠢ ᠪᠣᠯᠪᠠᠯ᠂ ᠭᠡᠷᠡᠴᠢ ᠭᠠᠷᠭᠠᠬᠤ ᠦᠭᠡᠢ ᠶᠢᠨ ᠦᠷ᠎ᠡ ᠳ᠋ᠦᠩ ᠢ ᠬᠦᠯᠢᠶᠡᠬᠦ ᠬᠡᠷᠡᠭᠲᠡᠢ᠃ ᠠᠵᠢᠯᠲᠠᠨ ︵ᠪᠤᠶᠤ ᠲᠡᠭᠦᠨ ᠤ ᠣᠶᠢᠷ᠎ᠠ ᠰᠠᠳᠤᠨ︶ ᠭᠡᠷᠡᠴᠢ ᠪᠠᠨ ᠬᠠᠩᠭᠠᠭᠰᠠᠨ ᠤ ᠳᠠᠷᠠᠭ᠎ᠠ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠰᠠᠯᠠᠭ᠎ᠠ ᠮᠥᠴᠢᠷ ᠠᠴᠠ ᠠᠵᠢᠯᠲᠠᠨ ᠤ ᠬᠠᠩᠭᠠᠭᠰᠠᠨ ᠭᠡᠷᠡᠴᠢ ᠶᠢ ᠦᠨᠳᠦᠰᠦᠯᠡᠨ ᠬᠠᠤᠯᠢ ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳ᠋ᠦᠩ ᠭᠠᠷᠭᠠᠨ᠎ᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳᠤ ᠪᠣᠳᠠᠲᠠᠢ ᠶᠠᠮᠠᠷ ᠶᠠᠮᠠᠷ ᠶᠠᠪᠤᠴᠠ ᠶᠢ ᠥᠩᠭᠡᠷᠡᠭᠡᠬᠦ ᠪᠣᠢ︖      ᠯᠢᠶᠠᠩ ᠿᠦᠩ᠄            ︵1︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠪᠤᠶᠤ ᠠᠵᠢᠯᠲᠠᠨ ᠲᠤᠰ ᠬᠥᠮᠥᠨ ᠵᠢᠴᠢ ᠲᠡᠭᠦᠨ ᠤ ᠣᠶᠢᠷ᠎ᠠ ᠰᠠᠳᠤᠨ ᠰᠦᠯᠵᠢᠶᠡᠨ ᠳᠡᠭᠡᠷ᠎ᠡ ᠭᠤᠶᠤᠴᠢᠯᠠᠵᠤ᠂ ᠮᠠᠲ᠋ᠧᠷᠢᠶᠠᠯ ᠢᠶᠠᠨ ᠲᠤᠰᠢᠶᠠᠨ᠎ᠠ᠃            ︵2︶ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠨ᠎ᠠ᠃ ᠭᠤᠶᠤᠴᠢᠯᠠᠯ ᠢ ᠣᠯᠣᠭᠰᠠᠨ ᠤ 15 ᠡᠳᠦᠷ ᠤᠨ ᠳᠣᠲᠣᠷ᠎ᠠ ᠬᠢᠨᠠᠨ ᠰᠢᠯᠭᠠᠵᠤ᠂ ᠮᠠᠲ᠋ᠧᠷᠢᠶᠠᠯ ᠪᠦᠷᠢᠨ ᠪᠤᠰᠤ ᠪᠠᠶᠢᠪᠠᠯ ᠨᠥᠬᠦᠬᠦ ᠴᠢᠬᠤᠯᠠ ᠲᠠᠢ ᠮᠠᠲ᠋ᠧᠷᠢᠶᠠᠯ ᠢ ᠨᠢᠭᠡ ᠤᠳᠠᠭ᠎ᠠ ᠳᠡᠭᠡᠷ᠎ᠡ ᠮᠡᠳᠡᠭᠳᠡᠨ᠎ᠡ᠃            ᠰᠢᠦᠢ ᠶᠢᠩ᠄            ᠡᠶᠢᠮᠦ ᠪᠠᠶᠢᠳᠠᠯ ᠳᠤ ᠬᠥᠮᠥᠨ ᠬᠡᠷᠡᠭᠯᠡᠬᠦ ᠨᠢᠭᠡᠴᠢ ᠠᠴᠠ ᠭᠡᠷᠡᠴᠢ ᠭᠠᠷᠭᠠᠬᠤ ᠬᠠᠷᠢᠭᠤᠴᠠᠯᠭ᠎ᠠ ᠲᠠᠢ ᠮᠥᠷᠲᠡᠭᠡᠨ ᠲᠣᠭᠲᠠᠭᠰᠠᠨ ᠬᠤᠭᠤᠴᠠᠭᠠᠨ ᠤ ᠳᠣᠲᠣᠷ᠎ᠠ ᠭᠡᠷᠡᠴᠢ ᠪᠠᠨ ᠲᠤᠰᠢᠶᠠᠬᠤ ᠬᠡᠷᠡᠭᠲᠡᠢ᠃ ᠬᠡᠷᠪᠡ ᠬᠥᠮᠥᠨ ᠬᠡᠷᠡᠭᠯᠡᠬᠦ ᠨᠢᠭᠡᠴᠢ ᠭᠡᠷᠡᠴᠢ ᠭᠠᠷᠭᠠᠵᠤ ᠴᠢᠳᠠᠬᠤ ᠦᠭᠡᠢ ᠪᠤᠶᠤ ᠭᠡᠷᠡᠴᠢ ᠭᠠᠷᠭᠠᠬᠤ ᠦᠭᠡᠢ ᠪᠣᠯᠪᠠᠯ᠂ ᠭᠡᠷᠡᠴᠢ ᠭᠠᠷᠭᠠᠬᠤ ᠦᠭᠡᠢ ᠶᠢᠨ ᠦᠷ᠎ᠡ ᠳ᠋ᠦᠩ ᠢ ᠬᠦᠯᠢᠶᠡᠬᠦ ᠬᠡᠷᠡᠭᠲᠡᠢ᠃ ᠠᠵᠢᠯᠲᠠᠨ ︵ᠪᠤᠶᠤ ᠲᠡᠭᠦᠨ ᠤ ᠣᠶᠢᠷ᠎ᠠ ᠰᠠᠳᠤᠨ︶ ᠭᠡᠷᠡᠴᠢ ᠪᠠᠨ ᠬᠠᠩᠭᠠᠭᠰᠠᠨ ᠤ ᠳᠠᠷᠠᠭ᠎ᠠ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠰᠠᠯᠠᠭ᠎ᠠ ᠮᠥᠴᠢᠷ ᠠᠴᠠ ᠠᠵᠢᠯᠲᠠᠨ ᠤ ᠬᠠᠩᠭᠠᠭᠰᠠᠨ ᠭᠡᠷᠡᠴᠢ ᠶᠢ ᠦᠨᠳᠦᠰᠦᠯᠡᠨ ᠬᠠᠤᠯᠢ ᠶᠣᠰᠣᠭᠠᠷ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳ᠋ᠦᠩ ᠭᠠᠷᠭᠠᠨ᠎ᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠳᠤ ᠪᠣᠳᠠᠲᠠᠢ ᠶᠠᠮᠠᠷ ᠶᠠᠮᠠᠷ ᠶᠠᠪᠤᠴᠠ ᠶᠢ ᠥᠩᠭᠡᠷᠡᠭᠡᠬᠦ ᠪᠣᠢ︖      ᠯᠢᠶᠠᠩ ᠿᠦᠩ᠄            ︵1︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠬᠤ ᠭᠤᠶᠤᠴᠢᠯᠠᠯ ᠭᠠᠷᠭᠠᠨ᠎ᠠ᠃ ᠬᠥᠮᠥᠨ ᠬᠡᠷᠡᠭᠯᠡᠬᠦ ᠨᠢᠭᠡᠴᠢ ᠪᠤᠶᠤ ᠠᠵᠢᠯᠲᠠᠨ ᠲᠤᠰ ᠬᠥᠮᠥᠨ ᠵᠢᠴᠢ ᠲᠡᠭᠦᠨ ᠤ ᠣᠶᠢᠷ᠎ᠠ ᠰᠠᠳᠤᠨ ᠰᠦᠯᠵᠢᠶᠡᠨ ᠳᠡᠭᠡᠷ᠎ᠡ ᠭᠤᠶᠤᠴᠢᠯᠠᠵᠤ᠂ ᠮᠠᠲ᠋ᠧᠷᠢᠶᠠᠯ ᠢᠶᠠᠨ ᠲᠤᠰᠢᠶᠠᠨ᠎ᠠ᠃            ︵2︶ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠨ᠎ᠠ᠃ ᠭᠤᠶᠤᠴᠢᠯᠠᠯ ᠢ ᠣᠯᠣᠭᠰᠠᠨ ᠤ 15 ᠡᠳᠦᠷ ᠤᠨ ᠳᠣᠲᠣᠷ᠎ᠠ ᠬᠢᠨᠠᠨ ᠰᠢᠯᠭᠠᠵᠤ᠂ ᠮᠠᠲ᠋ᠧᠷᠢᠶᠠᠯ ᠪᠦᠷᠢᠨ ᠪᠤᠰᠤ ᠪᠠᠶᠢᠪᠠᠯ ᠨᠥᠬᠦᠬᠦ ᠴᠢᠬᠤᠯᠠ ᠲᠠᠢ ᠮᠠᠲ᠋ᠧᠷᠢᠶᠠᠯ ᠢ ᠨᠢᠭᠡ ᠤᠳᠠᠭ᠎ᠠ ᠳᠡᠭᠡᠷ᠎ᠡ ᠮᠡᠳᠡᠭᠳᠡᠨ᠎ᠡ᠃            ︵3︶ ᠬᠦᠯᠢᠶᠡᠨ ᠠᠪᠬᠤ ᠪᠤᠶᠤ ᠬᠦᠯᠢᠶᠡᠨ ᠠᠪᠬᠤ ᠦᠭᠡᠢ ᠰᠢᠢᠳᠪᠦᠷᠢ ᠭᠠᠷᠭᠠᠨ᠎ᠠ᠃            ︵4︶ ᠠᠵᠢᠯ ᠠᠴᠠ ᠪᠣᠯᠵᠤ ᠭᠡᠮᠲᠦᠭᠰᠡᠨ ᠢ ᠮᠠᠭᠠᠳᠯᠠᠬᠤ ᠪᠠᠶᠢᠴᠠᠭᠠᠯᠲᠠ ᠬᠢᠨ᠎ᠡ᠃            ︵5︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠭᠠᠷᠭᠠᠨ᠎ᠠ᠃ ᠭᠤᠶᠤᠴᠢᠯᠠᠯ ᠢ ᠬᠦᠯᠢᠶᠡᠨ ᠠᠪᠤᠭᠰᠠᠨ ᠤ 60 ᠡᠳᠦᠷ ᠤᠨ ᠳᠣᠲᠣᠷ᠎ᠠ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠭᠠᠷᠭᠠᠵᠤ᠂ ︽ᠠᠵᠢᠯ ᠠᠴᠠ ᠪᠣᠯᠣᠭᠰᠠᠨ ᠭᠡᠮᠲᠦᠯ ᠭᠡᠵᠦ ᠮᠠᠭᠠᠳᠯᠠᠭᠰᠠᠨ ᠰᠢᠢᠳᠪᠦᠷᠢ ᠶᠢᠨ ᠪᠢᠴᠢᠭ︾ ᠪᠤᠶᠤ ︽ᠠᠵᠢᠯ ᠠᠴᠠ ᠪᠣᠯᠣᠭᠰᠠᠨ ᠭᠡᠮᠲᠦᠯ ᠪᠢᠰᠢ ᠭᠡᠵᠦ ᠮᠠᠭᠠᠳᠯᠠᠭᠰᠠᠨ ᠰᠢᠢᠳᠪᠦᠷᠢ ᠶᠢᠨ ᠪᠢᠴᠢᠭ︾ ᠭᠠᠷᠭᠠᠨ᠎ᠠ᠃            ︵6︶ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠶᠢ ᠬᠦᠷᠭᠡᠨ᠎ᠡ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠢ ᠵᠠᠭᠠᠯᠳᠤᠬᠤ ᠬᠦᠴᠦᠨ ᠲᠠᠢ ᠬᠤᠭᠤᠴᠠᠭ᠎ᠠ ᠨᠢ ᠬᠡᠳᠦᠢ ᠤᠷᠲᠤ ᠪᠣᠢ︖
     ᠰᠢᠦᠢ ᠶᠢᠩ᠄            ᠭᠡᠮᠲᠦᠭᠰᠡᠨ ᠠᠵᠢᠯᠲᠠᠨ ᠪᠤᠶᠤ ᠪᠠᠶᠢᠭ᠎ᠠ ᠨᠢᠭᠡᠴᠢ ᠨᠢ ᠮᠠᠭᠠᠳᠯᠠᠭᠰᠠᠨ ᠰᠢᠢᠳᠪᠦᠷᠢ ᠶᠢ ᠵᠥᠪᠰᠢᠶᠡᠷᠡᠬᠦ ᠦᠭᠡᠢ ᠪᠣᠯ᠂ ᠰᠢᠢᠳᠪᠦᠷᠢ ᠶᠢ ᠪᠢᠴᠢᠭ ᠢ ᠣᠯᠣᠭᠰᠠᠨ ᠡᠳᠦᠷ ᠠᠴᠠ 60 ᠡᠳᠦᠷ ᠤᠨ ᠳᠣᠲᠣᠷ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠭᠤᠶᠤᠴᠢᠯᠠᠯ ᠭᠠᠷᠭᠠᠵᠤ ᠪᠣᠯᠣᠨ᠎ᠠ︔ ᠰᠢᠢᠳᠪᠦᠷᠢ ᠶᠢᠨ ᠪᠢᠴᠢᠭ ᠢ ᠣᠯᠣᠭᠰᠠᠨ ᠠᠴᠠ 6 ᠰᠠᠷ᠎ᠠ ᠶᠢᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠭᠰᠡᠨ ᠴᠤ ᠪᠣᠯᠣᠨ᠎ᠠ᠃              ᠭᠡᠮᠲᠦᠭᠰᠡᠨ ᠠᠵᠢᠯᠲᠠᠨ ᠪᠤᠶᠤ ᠪᠠᠶᠢᠭ᠎ᠠ ᠨᠢᠭᠡᠴᠢ ᠨᠢ ᠮᠠᠭᠠᠳᠯᠠᠭᠰᠠᠨ ᠰᠢᠢᠳᠪᠦᠷᠢ ᠳᠤ ᠥᠭᠡᠷ᠎ᠡ ᠰᠠᠨᠠᠯ ᠦᠭᠡᠢ᠂ ᠭᠡᠪᠡᠴᠦ ᠬᠥᠮᠥᠨ ᠬᠡᠷᠡᠭᠯᠡᠬᠦ ᠨᠢᠭᠡᠴᠢ  ᠨᠢ ᠬᠠᠮᠢᠶ᠎ᠠ ᠪᠦᠬᠦᠢ ᠡᠮᠴᠢᠯᠡᠭᠡ᠂ ᠰᠢᠷᠬᠠᠳᠤᠵᠤ ᠭᠡᠮᠲᠦᠭᠰᠡᠨ ᠨᠥᠬᠦᠪᠦᠷᠢ ᠵᠡᠷᠭᠡ ᠵᠠᠷᠤᠳᠠᠯ ᠢ ᠥᠭᠬᠦ ᠦᠭᠡᠢ ᠪᠠᠶᠢᠪᠠᠯ᠂ ᠨᠢᠭᠡ ᠵᠢᠯ ᠤᠨ ᠳᠣᠲᠣᠷ᠎ᠠ ᠪᠠᠶᠢᠭ᠎ᠠ ᠨᠢᠭᠡᠴᠢ ᠶᠢᠨ ᠪᠠᠶᠢᠭ᠎ᠠ ᠭᠠᠵᠠᠷ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠵᠥᠪᠯᠡᠯ ᠳᠤ ᠬᠥᠨᠳᠡᠯᠡᠨ ᠠᠴᠠ ᠲᠠᠰᠤᠯᠬᠤ ᠶᠢ ᠭᠤᠶᠤᠴᠢᠯᠠᠵᠤ ᠪᠣᠯᠣᠨ᠎ᠠ᠃            ᠬᠥᠲᠥᠯᠥᠭᠴᠢ᠄            ᠠᠵᠢᠯᠲᠠᠨ ᠶᠠᠮᠠᠷ ᠪᠠᠶᠢᠳᠠᠯ ᠳᠣᠣᠷ᠎ᠠ ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠯᠭᠡᠬᠦ ᠴᠢᠬᠤᠯᠠ ᠲᠠᠢ ᠪᠤᠢ︖            ᠯᠢᠶᠠᠩ ᠿᠦᠩ᠄            ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠡᠮᠴᠢᠯᠡᠭᠦᠯᠵᠦ ᠬᠠᠷᠢᠴᠠᠩᠭᠤᠢ ᠲᠣᠭᠲᠠᠪᠤᠷᠢᠲᠠᠢ ᠪᠣᠯᠣᠭᠰᠠᠨ ᠤ ᠳᠠᠷᠠᠭ᠎ᠠ ᠵᠡᠮᠳᠡᠭ ᠪᠤᠶᠤ ᠬᠥᠳᠡᠯᠮᠦᠷᠢᠯᠡᠬᠦ ᠴᠢᠳᠠᠪᠤᠷᠢ ᠶᠢ ᠨᠥᠯᠥᠭᠡᠯᠡᠭᠰᠡᠨ ᠪᠣᠯ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠪᠠᠯ ᠵᠣᠬᠢᠨ᠎ᠠ᠃            ᠬᠥᠲᠥᠯᠥᠭᠴᠢ᠄            ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠬᠡᠨ ᠭᠤᠶᠤᠴᠢᠯᠠᠵᠤ ᠪᠣᠯᠬᠤ ᠪᠤᠢ︖ ᠬᠠᠮᠢᠭ᠎ᠠ ᠠᠴᠠ ᠭᠤᠶᠤᠴᠢᠯᠠᠬᠤ ᠪᠣᠢ︖            ᠯᠢᠶᠠᠩ ᠿᠦᠩ᠄            ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠬᠥᠮᠥᠨ ᠬᠡᠷᠡᠭᠯᠡᠬᠦ ᠨᠢᠭᠡᠴᠢ᠂ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠲᠥᠷᠥᠯ ᠰᠠᠳᠤᠨ ᠠᠴᠠ ᠬᠤᠲᠠ ᠶᠢᠨ ᠲᠡᠰ ᠤᠨ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠵᠥᠪᠯᠡᠯ ᠳᠤ ᠭᠤᠶᠤᠴᠢᠯᠠᠵᠤ᠂ ᠠᠵᠢᠯ ᠠᠴᠠ ᠪᠣᠯᠣᠭᠰᠠᠨ ᠭᠡᠮᠲᠦᠯ ᠢ ᠮᠠᠭᠠᠳᠯᠠᠭᠰᠠᠨ ᠰᠢᠢᠳᠪᠦᠷᠢ ᠪᠠ ᠠᠵᠢᠯᠲᠠᠨ ᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠨ᠎ᠠ᠃            ᠬᠥᠲᠥᠯᠥᠭᠴᠢ᠄            ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠬᠥᠳᠡᠯᠮᠦᠷᠢᠯᠡᠬᠦ ᠴᠢᠳᠠᠪᠤᠷᠢ ᠪᠠᠨ ᠬᠢᠨᠠᠨ ᠲᠣᠭᠲᠠᠭᠠᠯᠭᠠᠬᠤ ᠳᠤ ᠶᠠᠮᠠᠷ ᠶᠠᠮᠠᠷ ᠮᠠᠲ᠋ᠧᠷᠢᠶᠠᠯ ᠢ ᠲᠤᠰᠢᠶᠠᠬᠤ ᠬᠡᠷᠡᠭᠲᠡᠢ ᠪᠤᠢ︖            ᠰᠢᠦᠢ ᠶᠢᠩ᠄            ︵1︶ ︽ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠭᠤᠶᠤᠴᠢᠯᠠᠯ ᠤᠨ ᠬᠥᠰᠥᠨᠥᠭᠲᠦ︾ ︵ᠨᠢᠭᠡᠴᠢ ᠶᠢᠨ ᠬᠠᠷᠢᠭᠤᠴᠠᠯᠭᠠᠲᠠᠨ ᠪᠠ ᠲᠤᠰ ᠬᠥᠮᠥᠨ ᠲᠤᠰᠪᠦᠷᠢ ᠭᠠᠷ ᠤᠨ ᠦᠰᠦᠭ ᠵᠢᠷᠤᠵᠤ᠂ ᠠᠯᠪᠠᠨ ᠲᠠᠮᠠᠭ᠎ᠠ ᠳᠠᠷᠤᠨ᠎ᠠ︶︔            ︵2︶ ᠠᠵᠢᠯ ᠠᠴᠠ ᠪᠣᠯᠵᠤ ᠭᠡᠮᠲᠦᠭᠰᠡᠨ ᠠᠵᠢᠯᠲᠠᠨ ᠤ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ ᠭᠡᠷᠡᠴᠢ ᠶᠢᠨ ᠤᠤᠯ ᠪᠢᠴᠢᠭ︔            ︵3︶ ᠡᠪᠡᠳᠴᠢᠨ ᠤ ᠪᠠᠶᠢᠳᠠᠯ ᠤᠨ ᠬᠦᠴᠦᠨ ᠲᠠᠢ ᠣᠨᠣᠰᠢᠯᠠᠭᠰᠠᠨ ᠭᠡᠷᠡᠴᠢ︔            ︵4︶ ᠡᠮᠨᠡᠯᠭᠡ ᠳᠤ ᠰᠠᠭᠤᠭᠰᠠᠨ ᠡᠪᠡᠳᠴᠢᠨ ᠤ ᠪᠦᠷᠢᠨ ᠲᠡᠦᠬᠡ ︵ᠡᠪᠡᠳᠴᠢᠨ ᠤ ᠲᠡᠦᠬᠡ ᠶᠢᠨ ᠲᠠᠰᠤᠭ ᠤᠨ ᠬᠠᠭᠤᠯᠪᠦᠷᠢ ᠶᠢᠨ ᠲᠤᠰᠬᠠᠢ ᠲᠠᠮᠠᠭ᠎ᠠ ᠳᠠᠷᠤᠨ᠎ᠠ︶᠃            ︵5︶ ᠡᠯ᠎ᠡ ᠵᠦᠢᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ X ᠵᠢᠷᠤᠭ᠂ CT᠂ MRI︔            ︵6︶ ᠬᠤᠲᠠ ᠶᠢᠨ ᠲᠡᠰ ᠠᠴᠠ ᠳᠡᠭᠡᠭᠰᠢ ᠡᠮᠨᠡᠯᠭᠡ ᠶᠢᠨ ᠣᠶᠢᠷ᠎ᠠ ᠶᠢᠨ ᠬᠤᠭᠤᠴᠠᠭᠠᠨ ᠤ ᠭᠡᠮᠲᠦᠭᠰᠡᠨ ᠬᠡᠰᠡᠭ ᠤᠨ ᠪᠠᠶᠢᠴᠠᠭᠠᠯᠲᠠ᠃            ᠬᠥᠲᠥᠯᠥᠭᠴᠢ᠄            ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠭᠰᠠᠨ ᠤ ᠳᠠᠷᠠᠭ᠎ᠠ ᠰᠢᠷᠬ᠎ᠠ ᠶᠢᠨ ᠪᠠᠶᠢᠳᠠᠯ ᠳᠤ ᠳᠠᠬᠢᠨ ᠬᠤᠪᠢᠷᠠᠯᠲᠠ ᠭᠠᠷᠤᠭᠰᠠᠨ ᠪᠣᠯ ᠶᠠᠭᠠᠬᠢᠪᠠᠯ ᠵᠣᠬᠢᠬᠤ ᠪᠤᠢ︖            ᠯᠢᠶᠠᠩ ᠿᠦᠩ᠄            ᠬᠥᠳᠡᠯᠮᠦᠷᠢᠯᠡᠬᠦ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠳ᠋ᠦᠩ ᠭᠠᠷᠤᠭᠰᠠᠨ 1 ᠵᠢᠯ ᠤᠨ ᠳᠠᠷᠠᠭ᠎ᠠ᠂ ᠭᠡᠮᠲᠦᠭᠰᠡᠨ ᠠᠵᠢᠯᠲᠠᠨ ᠪᠤᠶᠤ ᠲᠡᠭᠦᠨ ᠤ ᠣᠶᠢᠷ᠎ᠠ ᠰᠠᠳᠤᠨ᠂ ᠪᠠᠶᠢᠭ᠎ᠠ ᠨᠢᠭᠡᠴᠢ ᠪᠤᠶᠤ ᠬᠢᠨᠠᠨ ᠲᠣᠭᠲᠠᠭᠠᠭᠰᠠᠨ ᠪᠠᠶᠢᠭᠤᠯᠤᠮᠵᠢ ᠠᠴᠠ ᠰᠢᠷᠬ᠎ᠠ ᠶᠢᠨ ᠪᠠᠶᠢᠳᠠᠯ ᠳᠤ ᠬᠤᠪᠢᠷᠠᠯᠲᠠ ᠭᠠᠷᠤᠭᠰᠠᠨ ᠭᠡᠵᠦ ᠦᠵᠡᠪᠡᠯ᠂ ᠲᠠᠬᠢᠨᠲᠠ ᠪᠠᠶᠢᠴᠠᠭᠠᠯᠭᠠᠵᠤ ᠬᠢᠨᠠᠨ ᠲᠣᠭᠲᠠᠭᠠᠵᠤ ᠪᠣᠯᠣᠨ᠎ᠠ᠃            ᠬᠥᠲᠥᠯᠥᠭᠴᠢ᠄            ᠠᠵᠢᠯ ᠠᠴᠠ ᠪᠣᠯᠣᠭᠰᠠᠨ ᠭᠡᠮᠲᠦᠯ ᠤᠨ ᠵᠠᠷᠤᠳᠠᠯ ᠢ ᠬᠡᠨ ᠠᠴᠠ ᠳᠠᠩᠰᠠᠨ ᠴᠠᠶᠢᠯᠭᠠᠬᠤ ᠪᠤᠢ︖            ᠰᠢᠦᠢ ᠶᠢᠩ᠄            ᠬᠥᠮᠥᠨ ᠬᠡᠷᠡᠭᠯᠡᠬᠦ ᠨᠢᠭᠡᠴᠢ ᠠᠴᠠ ᠠᠵᠢᠯᠲᠠᠨ ᠳᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠣᠷᠣᠭᠤᠯᠤᠭᠰᠠᠨ ᠪᠤᠯ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠠᠴᠠ ᠴᠠᠶᠢᠯᠭᠠᠨ᠎ᠠ᠂ ᠦᠭᠡᠢ ᠪᠣᠯ ᠬᠥᠮᠥᠨ ᠬᠡᠷᠡᠭᠯᠡᠬᠦ  ᠨᠢᠭᠡᠴᠢ ᠡᠭᠦᠷᠭᠡᠯᠡᠨ᠎ᠡ᠃            ᠬᠠᠮᠢᠶᠠᠷᠤᠭᠴᠢ᠄            ᠬᠥᠬᠡᠬᠤᠲᠠ ᠶᠢᠨ ᠬᠥᠮᠥᠨ ᠤ  ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠰᠠᠯᠠᠭᠠᠨ ᠳᠠᠷᠤᠭ᠎ᠠ ᠰᠢᠦᠢ ᠶᠢᠩ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠯᠢᠶᠠᠩ ᠿᠦᠩ ᠳᠤ ᠲᠠᠯᠠᠷᠬᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠂ ᠪᠠᠶᠠᠷᠲᠠᠢ᠃    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号