ᠪᠦᠭᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 98.4% ᠳᠤ ᠭᠦᠷᠪᠡ
ᠨᠡᠶᠢᠲᠡᠯᠡᠭᠰᠡᠨ ᠴᠠᠭ᠄
2024/6/6
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 4 ᠰᠠᠷ᠎ᠠ ᠶᠢᠨ ᠰᠡᠭᠦᠯᠴᠢ ᠪᠤᠯᠳᠠᠯ᠎ᠠ ᠮᠠᠨ ᠤ ᠣᠷᠣᠨ ᠤ 3046 ᠴᠢᠬᠤᠯᠠ ᠶᠡᠭᠡ ᠲᠦᠷᠦᠯ ᠵᠦᠢᠯ ᠪᠠᠷᠢᠯᠭ᠎ᠠ ᠪᠠᠨ ᠡᠬᠢᠯᠡᠭᠦᠯᠦᠭᠰᠡᠨ ᠪᠤᠶᠤ ᠪᠠᠷᠢᠯᠭ᠎ᠠ ᠪᠠᠨ ᠰᠡᠷᠭᠦᠭᠡᠵᠦ᠂ ᠪᠦᠭᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠪᠠᠨ ᠡᠬᠢᠯᠡᠭᠦᠯᠵᠦ ᠰᠡᠷᠭᠦᠭᠡᠭᠰᠡᠨ ᠨᠤᠷᠮ᠎ᠠ 98.4% ᠳᠤ ᠭᠦᠷᠪᠠ᠃      ᠡᠨᠡ ᠵᠢᠯ ᠮᠠᠨ ᠤ ᠣᠷᠣᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ 5000 ᠲᠦᠮᠡᠨ ᠲᠥᠭᠦᠷᠢᠭ  ᠠᠴᠠ ᠳᠡᠭᠡᠭᠰᠢᠬᠢ᠂ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ᠂ ᠶᠡᠷᠦᠩᠬᠡᠢ ᠪᠡᠯᠡ ᠤᠷᠤᠭᠤᠯᠤᠯᠳᠠ ᠨᠢ 3.55 ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ 3097 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠡᠨᠡ ᠵᠢᠯ 9102 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ᠃ 4 ᠰᠠᠷ᠎ᠠ ᠶᠢᠨ ᠰᠡᠭᠦᠯᠴᠢ ᠪᠤᠯᠳᠠᠯ᠎ᠠ ᠨᠡᠶᠢᠳᠡ 3102 ᠳ᠋ᠦᠩᠰᠢᠭᠤᠷ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠨᠢᠳᠤᠨᠤᠨ  ᠤ ᠠᠳᠠᠯᠢ ᠬᠤᠭᠤᠴᠠᠭᠠᠨ ᠤ ᠬᠢ ᠠᠴᠠ 41.6% ᠪᠠᠷ ᠨᠡᠮᠡᠭᠳᠡᠨ᠂ ᠣᠨ ᠤ ᠡᠭᠦᠷᠭᠡ ᠶᠢᠨ 34.1% ᠶᠢ ᠪᠡᠶᠡᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠭᠠᠰᠢ ᠮᠠᠨ ᠤ ᠣᠷᠣᠨ ︽ᠲᠦᠷᠦᠯ ᠵᠦᠢᠯ ᠬᠠᠮᠤᠭ ᠤᠨ ᠴᠢᠬᠤᠯᠠ︾ ᠪᠠᠶᠢᠬᠤ ᠶᠢ ᠪᠠᠷᠢᠮᠲᠠᠯᠠᠨ᠂︽ᠠᠷᠠᠯᠵᠢᠶᠠᠴᠢᠨ ᠤᠷᠢᠬᠤ ᠶᠢ ᠠᠳᠬᠤᠬᠤ᠂ ᠲᠦᠷᠦᠯ ᠵᠦᠢᠯ ᠨᠥᠭᠡᠴᠡᠯᠡᠬᠦ ᠶᠢ ᠠᠳᠬᠤᠬᠤ᠂ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠢ ᠠᠳᠬᠤᠬᠤ᠂ ᠪᠠᠷᠢᠯᠭ᠎ᠠ ᠡᠬᠢᠯᠡᠬᠦ ᠶᠢ ᠠᠳᠬᠤᠬᠤ᠂ ᠠᠬᠢᠴᠠ ᠶᠢ ᠠᠳᠬᠤᠬᠤ᠂ ᠪᠡᠯᠡ ᠤᠷᠤᠭᠤᠯᠤᠯᠳᠠ ᠶᠢ ᠠᠳᠬᠤᠬᠤ᠂ ᠪᠦᠷᠢᠳᠬᠡᠯ ᠢ ᠠᠳᠬᠤᠬᠤ︾ ᠶᠢ ᠡᠷᠴᠢᠮᠲᠡᠢ ᠠᠬᠢᠭᠤᠯᠵᠤ᠂ ᠠᠵᠠ ᠳᠤᠭᠢᠶᠠᠯ ᠢ ᠠᠮᠵᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠂ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠮᠦᠨ᠎ᠡ ᠭᠤᠷᠪᠠᠨ ᠵᠢᠯ ᠳᠤ ᠵᠠᠯᠭᠠᠭ᠎ᠠ ᠪᠠᠷ ᠶᠡᠭᠡ ᠪᠠᠷ ᠨᠡᠮᠡᠭᠳᠡᠭᠰᠡᠨ ᠰᠠᠭᠤᠷᠢᠨ ᠳᠡᠭᠡᠷ᠎ᠡ ᠡᠨᠡ ᠵᠢᠯ 15% ᠪᠠᠷ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠡᠭᠦᠨ ᠤ ᠬᠠᠮᠲᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠂ ᠮᠠᠰᠢ ᠤᠷᠳᠤ ᠬᠤᠭᠤᠴᠠᠭᠠᠨ ᠤ ᠤᠯᠤᠰ ᠤᠨ ᠤᠨᠴᠠᠭᠠᠢ ᠵᠢᠭᠡᠯᠡᠯᠭᠡ ᠵᠡᠷᠭᠡ ᠤᠯᠤᠰ ᠤᠨ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠡᠯᠡ ᠤᠷᠤᠭᠤᠯᠤᠯᠳᠠ ᠶᠢᠨ ᠴᠢᠭᠯᠡᠯ ᠲᠠᠢ ᠤᠶᠠᠯᠳᠤᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠤᠯᠤᠰ ᠤᠨ ᠪᠠᠶᠢᠯᠳᠤᠬᠤ ᠪᠣᠳᠣᠯᠭ᠎ᠠ ᠳᠤ ᠨᠡᠶᠢᠴᠡᠭᠦᠯᠦᠨ᠂ ᠪᠡᠯᠡ ᠤᠷᠤᠭᠤᠯᠬᠤ ᠬᠡᠷᠡᠭᠴᠡᠭᠡᠨ ᠤ ᠪᠦᠲᠦᠴᠡ ᠶᠢᠨ ᠴᠢᠨᠠᠷᠲᠠᠢ ᠬᠤᠪᠢᠷᠠᠯᠲᠠ ᠳᠤ ᠵᠣᠬᠢᠴᠠᠭᠤᠯᠵᠤ᠂ ᠲᠦᠷᠦᠯ ᠵᠦᠢᠯ  ᠢ ᠲᠥᠰᠥᠪᠯᠡᠨ ᠨᠤᠲᠠᠯᠠᠬᠤ ᠠᠵᠢᠯ ᠢ ᠴᠢᠩᠭᠠᠳᠬᠠᠨ᠂ ᠨᠢᠭᠡ ᠪᠦᠯᠦᠭ ᠨᠠᠶᠢᠳᠠᠪᠤᠷᠢᠵᠢᠭᠤᠯᠤᠨ ᠬᠡᠷᠡᠭᠵᠢᠭᠦᠯᠵᠦ ᠪᠤᠯᠬᠤ ᠴᠢᠬᠤᠯᠠ ᠶᠡᠭᠡ ᠲᠦᠷᠦᠯ ᠵᠦᠢᠯ ᠢ ᠲᠥᠰᠥᠪᠯᠡᠨ ᠨᠥᠭᠡᠴᠡᠯᠡᠵᠦ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ  ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠨᠡᠮᠡᠭᠳᠡᠬᠦ ᠳᠤ ᠰᠠᠭᠤᠷᠢ ᠲᠠᠯᠪᠢᠨ᠂︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾   ᠳᠤ ᠴᠢᠬᠤᠯᠠ ᠲᠤᠯᠭᠠᠭᠤᠷᠢᠯᠠᠯ ᠬᠠᠩᠭᠠᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号