ᠬᠠᠳᠠ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠰᠢᠶᠠᠨ ᠤ ᠤᠰᠤᠨ ᠤ ᠡᠬᠢ ᠪᠠᠶᠠᠯᠢᠭ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠬᠤᠪᠢᠶᠠᠷᠢᠯᠠᠨ ᠬᠡᠷᠡᠭᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠨᠢᠭᠡᠳᠦᠯᠲᠡᠢ ᠬᠠᠮᠢᠶᠠᠷᠬᠤ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠨᠠᠷᠢᠯᠢᠭᠵᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠤᠨ ᠤᠰᠤᠯᠠᠯᠲᠠ ᠶᠢ ᠶᠡᠭᠡ ᠪᠠᠷ ᠲᠦᠭᠡᠮᠡᠯᠵᠢᠭᠦᠯᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠤᠰᠤᠯᠠᠯᠲᠠ ᠶᠢᠨ ᠭᠠᠵᠠᠷ ᠲᠤ ᠤᠰᠤ ᠬᠡᠷᠡᠭᠯᠡᠬᠦ ᠶᠢ ᠬᠡᠮᠵᠢᠬᠦ ᠲᠥᠬᠦᠭᠡᠷᠦᠮᠵᠢ ᠤᠭᠰᠠᠷᠠᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠰᠤ ᠬᠡᠷᠡᠭᠯᠡᠬᠦ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠬᠠᠮᠤᠭ ᠶᠡᠭᠡ ᠬᠡᠮᠵᠢᠶ᠎ᠡ  ᠪᠠᠷ ᠪᠠᠭᠤᠷᠠᠭᠤᠯᠬᠤ ᠬᠡᠷᠡᠭᠲᠡᠢ᠃ ᠬᠤᠲᠠ ᠪᠠᠯᠭᠠᠰᠤ ᠶᠢᠨ ᠤᠰᠤ ᠬᠠᠩᠭᠠᠬᠤ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠦᠭᠡᠭᠡᠯ ᠤᠰᠤᠨ ᠤ ᠬᠡᠷᠡᠭᠯᠡᠭᠴᠢ ᠶᠢ ᠬᠡᠷᠡᠭᠯᠡᠬᠦ ᠳᠡᠭᠡᠨ ᠬᠤᠭᠤᠯᠠᠢ ᠲᠣᠣᠷ ᠤᠨ ᠰᠢᠰᠲ᠋ᠧᠮ ᠳᠤ ᠣᠷᠣᠭᠤᠯᠤᠨ᠂ ᠥᠪᠡᠷ ᠲᠡᠭᠡᠨ ᠪᠡᠯᠡᠳᠬᠡᠭᠰᠡᠨ ᠬᠤᠳᠳᠤᠭ ᠢ ᠬᠡᠷᠡᠭᠯᠡᠬᠦ ᠳᠤ ᠨᠢᠭᠡᠳᠦᠯᠲᠡᠢ ᠳᠠᠩᠰᠠᠯᠠᠨ ᠲᠡᠮᠳᠡᠭᠯᠡᠬᠦ ᠬᠡᠷᠡᠭᠲᠡᠢ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠢᠯᠠᠩᠭᠤᠶ᠎ᠠ ᠲᠠᠷᠢᠶᠠᠨ ᠭᠠᠵᠠᠷ ᠤᠨ ᠤᠰᠤ ᠠᠷᠪᠢᠯᠠᠬᠤ ᠢᠨᠵᠧᠨᠧᠷᠢᠩ ᠪᠣᠯᠣᠨ ᠵᠢᠵᠢᠭ ᠰᠠᠪᠠ ᠭᠠᠵᠠᠷ ᠢ ᠵᠠᠰᠠᠬᠤ ᠠᠵᠢᠯ ᠢ ᠴᠢᠩᠭ᠎ᠠ ᠪᠣᠳᠠᠲᠠᠢ ᠠᠳᠬᠤᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠪᠠᠷᠢᠮᠵᠢᠶ᠎ᠠ ᠳᠤ ᠨᠡᠶᠢᠴᠡᠭᠦᠯᠦᠨ ᠤᠰᠤ ᠬᠡᠷᠡᠭᠯᠡᠬᠦ ᠶᠢ ᠪᠡᠶᠡᠯᠡᠭᠦᠯᠬᠦ ᠶᠢᠨ ᠬᠠᠮᠲᠤ᠂ ᠬᠠᠤᠯᠢ ᠪᠤᠰᠤ ᠪᠠᠷ ᠤᠰᠤ ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠬᠦ ᠶᠠᠪᠤᠴᠠ᠂ ᠪᠦᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ ᠪᠠᠳᠠᠷᠠᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠪᠠᠶᠢᠴᠠᠭᠠᠵᠤ᠂ ᠪᠦᠬᠦ ᠬᠡᠯᠬᠢᠶ᠎ᠡ ᠪᠦᠬᠦ ᠶᠠᠪᠤᠴᠠ ᠶᠢᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠢ ᠡᠷᠡᠰ ᠰᠠᠶᠢᠲᠤᠷ ᠪᠡᠶᠡᠯᠡᠭᠦᠯᠵᠦ᠂ ᠬᠥᠳᠡᠭᠡ ᠲᠣᠰᠬᠤᠨ ᠤ ᠤᠯᠠᠨ ᠲᠦᠮᠡᠨ ᠤ ᠠᠮᠤᠷ ᠲᠦᠪᠰᠢᠨ ᠤᠰᠤ᠂ ᠰᠠᠨᠠᠭ᠎ᠠ ᠠᠮᠤᠷ ᠤᠰᠤ᠂ ᠴᠢᠨᠠᠷ ᠰᠠᠶᠢᠲᠠᠢ ᠤᠰᠤ ᠤᠤᠭᠤᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠤᠷᠪᠤᠯᠵᠢᠯᠠᠭᠴᠢ᠄ ᠯᠢᠦ ᠪᠠᠢ ᠢᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号