ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠦᠴᠦᠸᠠᠨ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠥᠯ︾᠂ ︽ᠦᠴᠦᠸᠠᠨ ᠰᠢᠶᠠᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠤ᠂ ᠮᠠᠨ ᠤ ᠰᠢᠶᠠᠨ ᠤ 2024 ᠣᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠠᠴᠢᠯᠠᠨ ᠬᠠᠮᠠᠭᠠᠯᠠᠬᠤ ᠢᠨᠵᠧᠨᠧᠷᠢᠩ᠂ ᠤᠰᠤᠨ ᠳᠤ ᠡᠪᠳᠡᠭᠳᠡᠭᠰᠡᠨ ᠢᠨᠵᠧᠨᠧᠷᠢᠩ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠦᠭᠰᠡᠨ ᠠᠬᠢᠴᠠ ᠶᠢᠨ ᠪᠠᠶᠢᠳᠠᠯ ᠤᠨ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠦᠨᠡᠨᠬᠦ ᠴᠢᠬᠤᠯᠠ ᠪᠠᠶᠢᠷᠢᠨ ᠳᠤ ᠲᠠᠯᠪᠢᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠲᠥᠪᠯᠡᠷᠡᠭᠦᠯᠵᠦ᠂ ᠦᠴᠦᠸᠠᠨ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠡᠶᠡᠯᠡᠭᠦᠯᠬᠦ ᠬᠡᠷᠡᠭᠲᠡᠢ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠪᠠᠶᠢᠷᠢᠯᠠᠭᠤᠯᠤᠯᠲᠠ ᠪᠠᠷ ᠪᠠᠷᠢᠮᠵᠢᠶᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠪᠠᠷᠢᠮᠲᠠᠯᠠᠵᠤ᠂ ᠣᠷᠬᠢᠭᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠵᠣᠯᠭᠠᠭᠤᠯᠵᠤ ᠬᠠᠷᠢᠭᠤ ᠮᠡᠳᠡᠭᠦᠯᠬᠦ ᠶᠢ ᠴᠢᠩᠭᠠᠳᠬᠠᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠬᠦ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠬᠦᠴᠢᠷᠳᠡᠯ ᠪᠠ ᠲᠦᠭᠵᠢᠷᠡᠯ ᠢ ᠪᠦᠬᠦ ᠲᠠᠯ᠎ᠠ ᠪᠠᠷ ᠨᠡᠪᠲᠡᠷᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠥᠷᠲᠡᠭᠡᠨ ᠤ ᠮᠠᠶ᠋ᠢᠭ︾ ᠤᠨ ᠠᠵᠢᠯ ᠤᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠵᠦᠢᠯᠡᠰ ᠴᠥᠭᠡᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠥᠨᠳᠥᠷ᠂ ᠦᠢᠯᠡᠴᠢᠯᠡᠭᠡᠨ ᠤ ᠶᠠᠰᠤ ᠴᠢᠨᠠᠷ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠴᠠᠬᠢᠯᠭᠠᠨ ᠬᠥᠳᠡᠯᠭᠡᠭᠦᠷᠲᠦ ᠲᠡᠷᠭᠡᠨ ᠤ ᠠᠮᠤᠷ ᠲᠦᠪᠰᠢᠨ ᠤ ᠵᠠᠰᠠᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠭᠤᠣᠯᠳᠠᠯᠭ᠎ᠠ ᠲᠠᠢ ᠭᠤᠭᠴᠤᠭ᠎ᠠ ᠶᠢ ᠲᠤᠪᠤᠶᠢᠯᠭᠠᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠣᠷᠣᠯᠠᠭᠤᠯᠬᠤ᠂ ᠳᠠᠩᠰᠠᠯᠠᠬᠤ᠂ ᠨᠡᠪᠲᠡᠷᠡᠭᠦᠯᠬᠦ᠂ ᠵᠣᠭᠰᠤᠭᠠᠬᠤ᠂ ᠴᠠᠬᠢᠯᠭᠠᠨ ᠴᠡᠨᠡᠭᠯᠡᠬᠦ ᠵᠡᠷᠭᠡ ᠪᠦᠬᠦ ᠬᠡᠯᠬᠢᠶᠡᠨ ᠤ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠮᠠᠨ ᠤ ᠰᠢᠶᠠᠨ ᠤ ᠡᠯ᠎ᠡ ᠬᠤᠷᠢᠶᠠᠯᠠᠯ ᠤᠨ ᠪᠣᠳᠠᠲᠤ ᠪᠠᠶᠢᠳᠠᠯ ᠪᠣᠯᠣᠨ ᠠᠷᠠᠳ ᠣᠯᠠᠨ ᠤ ᠦᠨᠳᠦᠰᠦᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠣᠷᠣᠨ ᠰᠠᠭᠤᠴᠠ ᠬᠤᠷᠢᠶᠠᠯᠠᠯ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠣᠭᠰᠤᠭᠠᠬᠤ ᠣᠷᠣᠨ ᠪᠦᠰᠡ ᠶᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠳᠥᠭᠦᠮ ᠳᠥᠲᠡ ᠴᠠᠬᠢᠯᠭᠠᠨ ᠴᠡᠨᠡᠭᠯᠡᠬᠦ ᠪᠠ ᠵᠣᠭᠰᠤᠭᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠵᠤ᠂ ᠡᠭᠦᠨ ᠤ ᠤᠯᠠᠮ ᠢᠶᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠠᠶᠢᠩᠭᠤᠵᠢᠭᠰᠠᠨ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠵᠤ᠂ ᠤᠯᠠᠨ ᠵᠦᠢᠯ ᠤᠨ ᠬᠡᠯᠪᠡᠷᠢ ᠪᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠶᠢ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠠᠮᠤᠷ ᠲᠦᠪᠰᠢᠨ ᠡᠮᠬᠢ ᠵᠢᠷᠤᠮ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号