ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/7
     6 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 6 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠡᠰᠡᠭ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠬᠤᠪᠢ ᠬᠥᠮᠥᠨ ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠤᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠢᠳᠡᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠪᠠ᠃ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠴᠠᠭ ᠢᠮᠠᠭᠲᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠦᠷᠭᠦᠯᠵᠢᠯᠡᠨ ᠰᠤᠷᠤᠯᠴᠠᠬᠤ ᠳᠡᠭᠡᠷ᠎ᠡ ᠲᠠᠰᠤᠷᠠᠯᠲᠠ ᠦᠭᠡᠢ ᠬᠦᠴᠦ ᠣᠷᠣᠭᠤᠯᠵᠤ᠂ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠭᠠᠬᠤ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠰᠢᠨ᠎ᠡ ᠲᠠᠪᠰᠢᠯᠳᠠ ᠲᠠᠢ᠂ ᠰᠢᠨ᠎ᠡ ᠳᠡᠭᠡᠭᠰᠢᠯᠡᠯᠲᠡ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠲᠣᠭᠲᠠᠭᠰᠠᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠠᠵᠢᠯ ᠤᠨ ᠲᠣᠬᠢᠷᠠᠭᠤᠯᠤᠯᠲᠠ ᠲᠠᠢ ᠴᠢᠩᠭ᠎ᠠ ᠬᠠᠷᠢᠴᠠᠭᠤᠯᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠰᠤᠷᠤᠯᠴᠠᠬᠤ ᠶᠠᠪᠤᠴᠠ ᠶᠢ ᠦᠨᠡᠨᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠳᠤ ᠡᠭᠦᠷᠭᠡ ᠬᠦᠨᠳᠦ ᠵᠠᠮ ᠬᠤᠯᠠ ᠪᠠᠶᠢᠨ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠳᠠᠮᠵᠢᠭᠤᠯᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠵᠤ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠲᠡᠷᠡ ᠶᠤᠰᠤᠭᠠᠷ ᠨᠢ ᠰᠠᠬᠢᠯᠭ᠎ᠠ ᠪᠠᠲᠤ ᠶᠢ ᠵᠢᠷᠤᠮᠯᠠᠨ ᠬᠡᠷᠡᠭᠵᠢᠭᠦᠯᠵᠦ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠣᠯᠭᠠᠨ ᠬᠤᠪᠢᠷᠠᠭᠤᠯᠵᠤ᠂ ᠳᠣᠣᠷᠠᠳᠤ ᠱᠠᠲᠤᠨ ᠤ ᠳᠤᠷ᠎ᠠ ᠰᠣᠨᠢᠷᠬᠠᠯ ᠠᠴᠠ ᠤᠬᠠᠮᠰᠠᠷ ᠠᠴᠠ ᠪᠠᠨ ᠵᠠᠶᠢᠳᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠠᠳᠠᠷᠠᠭᠤᠯᠤᠨ᠂ ᠠᠷᠢᠭᠤᠨ ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯ ᠶᠠᠪᠤᠳᠠᠯ ᠬᠢᠵᠦ᠂ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠬᠤ ᠬᠡᠷᠡᠭᠲᠡᠢ᠃  ︵ᠰᠣᠷᠪᠤᠯᠵᠢᠯᠠᠬᠴᠢ ᠵᠧᠦ ᠶᠠᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号