ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ | ᠰᠢᠶᠠᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢ ᠵᠦᠢ | ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ︾᠂ | ︽︿ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ | ᠵᠢᠷᠤᠮᠵᠢᠭᠤᠯᠬᠤ ᠲᠤᠬᠠᠢ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ | ︽︿ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ | ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽︿ᠬᠥᠬᠡᠬᠤᠲᠠ ᠶᠢᠨ | ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ | ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ | ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠷ᠂ ᠶᠡᠷᠦᠩᠬᠡᠢ ᠬᠠᠷᠠᠯᠲᠠ | ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢ ᠬᠠᠤᠯᠢ ᠲᠣᠭᠲᠠᠭᠠᠯ | ᠶᠣᠰᠣᠭᠠᠷ᠂ ᠠᠷᠢᠭᠤᠨ ᠴᠢᠬᠡᠴᠢ ᠪᠠᠷ ᠠᠷᠪᠢᠯᠠᠨ ᠭᠠᠮᠨᠠᠵᠤ᠂ ᠵᠢᠷᠤᠮᠵᠢᠯ ᠲᠠᠢ ᠢᠯᠡ ᠲᠣᠳᠣ ᠪᠣᠯᠭᠠᠨ᠎ᠠ᠃ | ᠭᠤᠷᠪᠠ᠂ ᠪᠣᠳᠠᠲᠠᠢ ᠠᠭᠤᠯᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢ ᠨᠡᠶᠢᠲᠡ 5 ᠵᠦᠢᠯ ᠪᠠᠶᠢᠵᠤ᠂ ᠭᠤᠣᠯᠳᠠᠭᠤ ᠬᠠᠤᠯᠢ ᠴᠠᠭᠠᠵᠠ ᠶᠢᠨ | ᠦᠨᠳᠦᠰᠦᠯᠡᠯ ᠪᠠ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠠᠭᠤᠯᠭ᠎ᠠ ᠪᠣᠯᠣᠨ᠎ᠠ᠃ | ᠬᠤᠶᠠᠳᠤᠭᠠᠷ ᠪᠦᠯᠦᠭ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ ᠨᠡᠶᠢᠲᠡ 15 ᠵᠦᠢᠯ | ᠪᠠᠶᠢᠵᠤ᠂ ᠭᠤᠣᠯᠳᠠᠭᠤ ᠲᠣᠭᠲᠠᠭᠠᠭᠰᠠᠨ ᠨᠢ ① ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠯᠪᠠᠨ ᠶᠠᠪᠤᠳᠠᠯ ᠳᠤ | ᠬᠡᠷᠡᠭᠯᠡᠬᠦ ᠲᠡᠷᠭᠡ ᠶᠢᠨ ᠭᠠᠳᠠᠭᠰᠢᠯᠠᠭᠤᠯᠬᠤ ᠬᠡᠮᠵᠢᠶ᠎ᠡ 1.8 ᠯᠢᠲᠷ ︵ᠪᠠᠭᠲᠠᠨ᠎ᠠ︶ ᠠᠴᠠ ᠳᠣᠷᠣᠭᠰᠢ ᠪᠠᠶᠢᠵᠤ᠂ ᠲᠡᠷᠭᠡᠨ ᠤ | ᠦᠨ᠎ᠡ ᠨᠢ 18 ᠲᠦᠮᠡᠨ ᠲᠥᠭᠦᠷᠢᠭ ᠤᠨ ᠳᠣᠲᠣᠷᠠᠬᠢ ᠵᠢᠵᠢᠭ ᠬᠡᠯᠪᠡᠷᠢ ᠶᠢᠨ ᠲᠡᠷᠭᠡ ᠪᠤᠶᠤ ᠪᠤᠰᠤᠳ ᠵᠢᠵᠢᠭ | ᠬᠡᠯᠪᠡᠷᠢ ᠶᠢᠨ ᠠᠶᠠᠨᠴᠢᠳ ᠤᠨ ᠲᠡᠷᠭᠡ᠂ ᠬᠡᠷᠡᠭᠯᠡᠬᠦ ᠬᠤᠭᠤᠴᠠᠭ᠎ᠠ ᠨᠢ ᠬᠠᠮᠤᠭ ᠤᠨ ᠳᠣᠣᠷ᠎ᠠ ᠳᠤ ᠪᠠᠨ 8 ᠵᠢᠯ ᠠᠴᠠ | ᠳᠡᠭᠡᠭᠰᠢ ᠪᠠᠶᠢᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠰᠣᠩᠭᠤᠬᠤ | ᠪᠤᠶᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠦᠷᠢ ᠠᠪᠴᠤ ᠪᠣᠯᠣᠨ᠎ᠠ᠂ ᠬᠤᠶᠠᠷ ᠠᠴᠠ ᠨᠢᠭᠡ ᠶᠢ | ᠰᠣᠩᠭᠤᠨ᠎ᠠ᠃ ② ᠠᠵᠤ ᠠᠬᠤᠶᠢᠯᠠᠯ ᠤᠨ ᠵᠢᠩᠬᠢᠨᠢ ᠬᠠᠷᠢᠭᠤᠴᠠᠯᠭᠠᠲᠠᠨ ︵ᠨᠠᠮ ᠤᠨ ᠬᠤᠷᠢᠶ᠎ᠠ ᠶᠢᠨ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ︶ ᠤ ᠠᠯᠪᠠᠨ ᠭᠡᠷ ᠤᠨ ᠲᠠᠯᠠᠪᠠᠢ ᠶᠢ 30 ᠲᠡᠭᠰᠢ ᠳᠥᠷᠪᠡᠯᠵᠢᠨ | ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠠᠵᠤ ᠠᠬᠤᠶᠢᠯᠠᠯ ᠤᠨ ᠪᠤᠰᠤᠳ ᠬᠠᠷᠢᠭᠤᠴᠠᠯᠭᠠᠲᠠᠨ ᠤ ᠠᠯᠪᠠᠨ | ᠬᠡᠷᠡᠭᠯᠡᠭᠡᠨ ᠤ ᠭᠡᠷ ᠪᠠᠶᠢᠰᠢᠩ ᠤᠨ ᠲᠠᠯᠠᠪᠠᠢ ᠶᠢ 24 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ | ᠦᠭᠡᠢ᠃ | ᠭᠤᠷᠪᠠᠳᠤᠭᠠᠷ ᠪᠦᠯᠦᠭ ᠲᠤᠬᠠᠶᠢᠯᠠᠭᠰᠠᠨ ᠠᠵᠢᠯ ᠤᠨ ᠵᠠᠷᠤᠯᠭ᠎ᠠ ᠨᠡᠶᠢᠲᠡ 8 ᠵᠦᠢᠯ ᠪᠠᠶᠢᠵᠤ᠂ ᠭᠤᠣᠯᠳᠠᠭᠤ | ᠲᠣᠭᠲᠠᠭᠠᠭᠰᠠᠨ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠳᠠᠯᠳᠤᠭᠠᠨ ᠤ ᠶᠠᠪᠤᠳᠠᠯ ᠪᠠ ᠭᠠᠳᠠᠭᠠᠳᠤ | ᠶᠠᠪᠤᠳᠠᠯ ᠤᠨ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ | ᠬᠥᠮᠥᠨ ᠪᠦᠷᠢ ᠳᠤᠮᠳᠠᠴᠢ ᠪᠠᠷ ᠤᠳᠠᠭ᠎ᠠ ᠪᠦᠷᠢ 300 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠂ | ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠬᠥᠮᠥᠨ ᠪᠦᠷᠢ ᠳᠤᠮᠳᠠᠴᠢ ᠪᠠᠷ ᠤᠳᠠᠭ᠎ᠠ ᠪᠦᠷᠢ 400 ᠲᠥᠭᠦᠷᠢᠭ ᠠᠴᠠ | ᠬᠡᠲᠦᠷᠡᠭᠦᠯᠵᠦ ᠪᠣᠯᠬᠤ ᠦᠭᠡᠢ᠃ ᠵᠠᠷᠴᠢᠮ ᠳᠡᠭᠡᠷ᠎ᠡ ᠪᠠᠨ ᠳᠤᠷᠠᠰᠬᠠᠯ ᠤᠨ ᠡᠳ᠋ ᠬᠦᠷᠭᠡᠵᠦ ᠪᠣᠯᠬᠤ ᠦᠭᠡᠢ᠂ ᠦᠨᠡᠨ ᠬᠦ | ᠳᠤᠷᠠᠰᠬᠠᠯ ᠤᠨ ᠡᠳ᠋ ᠬᠦᠷᠭᠡᠬᠦ ᠴᠢᠬᠤᠯᠠᠲᠠᠢ ᠪᠣᠯ ᠬᠥᠮᠥᠨ ᠳᠤᠮᠳᠠᠴᠢ ᠶᠢᠨ ᠦᠨ᠎ᠡ ᠬᠠᠩᠰᠢ ᠨᠢ 300 | ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠯᠪᠠᠨ | ᠶᠠᠪᠤᠳᠠᠯ ᠢᠶᠠᠷ ᠰᠠᠭᠤᠵᠤ ᠪᠠᠶᠢᠭ᠎ᠠ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠲᠣᠳᠣᠷᠬᠠᠢ ᠲᠣᠭᠲᠠᠭᠠᠯ ᠭᠠᠷᠭᠠᠪᠠ᠃ | ᠳᠥᠷᠪᠡᠳᠦᠭᠡᠷ ᠪᠦᠯᠦᠭ ᠲᠥᠰᠥᠪ ᠤᠨ ᠬᠠᠮᠢᠶᠠᠷᠤᠯᠲᠠ ᠨᠡᠶᠢᠲᠡ 5 ᠵᠦᠢᠯ ᠪᠠᠶᠢᠵᠤ᠂ ᠭᠤᠣᠯᠳᠠᠭᠤ | ᠲᠣᠭᠲᠠᠭᠠᠭᠰᠠᠨ ᠨᠢ ① ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠣᠨ ᠤ ᠵᠠᠷᠤᠳᠠᠯ ᠤᠨ ᠬᠢᠷᠢ ᠬᠡᠮᠵᠢᠶ᠎ᠡ ᠳᠤ | ᠵᠢᠱᠢᠭᠰᠡᠨ ᠲᠣᠬᠢᠷᠠᠭᠤᠯᠤᠯᠲᠠ ᠬᠢᠵᠦ᠂ ᠣᠨ ᠤ ᠲᠥᠰᠥᠪ ᠲᠤ ᠣᠷᠣᠭᠤᠯᠤᠨ᠎ᠠ᠃ ② ᠠᠵᠤ ᠠᠬᠤᠶᠢᠯᠠᠯ ᠪᠡᠯᠡ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠪᠠᠶᠢᠭᠤᠯᠤᠮᠵᠢ ᠳᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ | ᠵᠠᠷᠤᠯᠭ᠎ᠠ ᠶᠢᠨ ᠣᠨ ᠤ ᠲᠥᠰᠥᠪ ᠢ ᠳᠠᠩᠰᠠᠯᠠᠭᠤᠯᠵᠤ᠂ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠤᠰᠤ | ᠬᠦᠴᠦᠨ ᠵᠦᠢᠯ ᠠᠴᠠ ᠪᠣᠯᠵᠤ ᠠᠯᠳᠠᠭᠳᠠᠯ᠂ ᠨᠠᠶᠢᠳᠠᠨ ᠬᠠᠮᠢᠶᠠᠷᠤᠭᠤᠯᠬᠤ᠂ ᠳᠠᠬᠢᠨ ᠵᠣᠬᠢᠶᠠᠨ ᠪᠠᠶᠢᠭᠤᠯᠵᠤ | ᠬᠦᠴᠢᠷᠳᠡᠯ ᠠᠴᠠ ᠠᠩᠭᠢᠵᠢᠷᠠᠬᠤ ᠵᠢᠴᠢ ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ | ᠰᠦᠢᠳᠬᠡᠯ ᠥᠷᠢᠲᠦᠵᠦ ᠪᠠᠶᠢᠭ᠎ᠠ ᠪᠣᠯ᠂ ᠳᠠᠷᠠᠭ᠎ᠠ ᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠣᠨ ᠤ ᠲᠥᠰᠥᠪ ᠨᠢ ᠳᠡᠭᠡᠷ᠎ᠡ ᠵᠢᠯ ᠤᠨ ᠪᠣᠳᠠᠲᠠᠢ | ᠭᠦᠢᠴᠡᠳᠬᠡᠭᠰᠡᠨ ᠪᠠᠶᠢᠳᠠᠯ ᠠᠴᠠ 20% ᠪᠠᠷ ᠪᠠᠭᠤᠷᠠᠭᠤᠯᠤᠨ᠎ᠠ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ ᠳᠤ ᠨᠡᠶᠢᠲᠡ 11 ᠵᠦᠢᠯ ᠪᠠᠶᠢᠵᠤ᠂ ᠭᠤᠣᠯᠳᠠᠭᠤ | ᠲᠣᠭᠲᠠᠭᠠᠭᠰᠠᠨ ᠨᠢ ᠳᠣᠲᠣᠭᠠᠳᠤ ᠶᠢᠨ ᠬᠠᠮᠢᠶᠠᠷᠤᠯᠲᠠ ᠪᠠ ᠭᠠᠳᠠᠨᠠᠬᠢ ᠬᠢᠨᠠᠯᠲᠠ ᠲᠠᠯᠪᠢᠯᠲᠠ ᠵᠡᠷᠭᠡ ᠲᠠᠯ᠎ᠠ ᠪᠠᠷ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ | ᠠᠵᠢᠯ ᠤᠨ ᠵᠠᠷᠤᠯᠭ᠎ᠠ ᠶᠢᠨ ᠪᠠᠶᠢᠳᠠᠯ᠂ ᠣᠨ ᠤ ᠲᠥᠰᠥᠪ ᠵᠢᠴᠢ ᠬᠡᠷᠡᠭᠵᠢᠭᠦᠯᠦᠭᠰᠡᠨ ᠪᠠᠶᠢᠳᠠᠯ ᠵᠡᠷᠭᠡ ᠳᠤ ᠬᠢᠨᠠᠯᠲᠠ | ᠲᠠᠯᠪᠢᠨ᠎ᠠ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠨᠡᠶᠢᠲᠡ 3 ᠵᠤᠷᠪᠤᠰ ᠠᠭᠤᠯᠭ᠎ᠠ᠃ | | |