ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ 2024 ᠣᠨ ᠤ ᠦᠶᠡᠷ ᠤᠨ ᠬᠤᠭᠤᠴᠠᠭᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾
ᠨᠡᠶᠢᠲᠡᠯᠡᠭᠰᠡᠨ ᠴᠠᠭ᠄
2024/6/7
    ᠨᠢᠭᠡ᠂ ᠲᠣᠭᠲᠠᠭᠠᠭᠰᠠᠨ ᠠᠬᠤᠢ ᠪᠠᠶᠢᠳᠠᠯ     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠠᠨ ᠤ ᠰᠢᠶᠠᠨ ᠤ 2024 ᠣᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠭᠠᠵᠠᠷ ᠬᠦᠷᠦᠰᠦᠨ ᠤ ᠭᠠᠢ ᠭᠠᠮᠰᠢᠭ ᠤᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠬᠤ ᠶᠢᠨ ᠲᠥᠯᠥᠭᠡ᠂ ︽ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠪᠠᠶᠢᠭᠠᠯᠢ ᠡᠬᠢ ᠪᠠᠶᠠᠯᠢᠭ ᠥᠰᠥᠭ ︹2024︺ 549 ᠳ᠋ᠦ᠋ᠭᠡᠷ ᠲᠣᠭᠠᠲᠤ︶ ︽ᠦᠴᠦᠸᠠᠨ ᠰᠢᠶᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ︵2021 - 2025 ᠣᠨ︶︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠭᠠᠵᠠᠷ ᠤᠨ ᠭᠠᠢ ᠭᠠᠮᠰᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃    ᠬᠤᠶᠠᠷ᠂ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠭᠡᠮ ᠵᠢᠴᠢ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ    ᠮᠠᠨ ᠤ ᠰᠢᠶᠠᠨ ᠤ ᠭᠠᠵᠠᠷ ᠬᠦᠷᠦᠰᠦᠨ ᠤ ᠭᠠᠢ ᠭᠠᠮᠰᠢᠭ ᠤᠨ ᠭᠤᠣᠯ ᠢᠯᠡᠷᠡᠬᠦ ᠬᠡᠯᠪᠡᠷᠢ ᠨᠢ ᠰᠢᠪᠠᠷ ᠴᠢᠯᠠᠭᠤᠨ ᠤ ᠤᠷᠤᠰᠬᠠᠯ᠂ ᠨᠤᠷᠠᠵᠤ ᠶᠡᠭᠦᠷᠡᠬᠦ ᠪᠣᠯᠣᠨ᠎ᠠ᠂ ᠳᠠᠷᠠᠭ᠎ᠠ ᠨᠢ ᠠᠭᠤᠷᠬᠠᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠪᠠᠭ᠎ᠠ ᠰᠠᠭ᠎ᠠ ᠶᠡᠭᠦᠷᠡᠵᠦ ᠴᠥᠮᠥᠷᠡᠬᠦ ᠳᠠᠯᠳᠠ ᠭᠡᠮ ᠪᠣᠯᠣᠨ᠎ᠠ᠃ 2018 ᠣᠨ ᠠᠴᠠ ᠨᠠᠰᠢ᠂ ᠮᠠᠨ ᠤ ᠰᠢᠶᠠᠨ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠵᠢᠴᠢ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠠᠭᠤᠷᠬᠠᠢ ᠳᠤ ᠭᠠᠵᠠᠷ ᠬᠦᠷᠦᠰᠦᠨ ᠤ ᠣᠷᠴᠢᠨ ᠲᠣᠭᠤᠷᠢᠨ ᠤ ᠵᠠᠰᠠᠯᠲᠠ ᠥᠷᠨᠢᠭᠦᠯᠵᠦ᠂ ᠠᠭᠤᠷᠬᠠᠢ ᠶᠢᠨ ᠭᠠᠵᠠᠷ ᠬᠦᠷᠦᠰᠦᠨ ᠤ ᠭᠡᠮ ᠰᠣᠭᠤᠭ ᠢ ᠤᠯᠠᠮ ᠨᠢᠭᠡ ᠠᠯᠬᠤᠮ ᠬᠥᠩᠭᠡᠷᠡᠭᠦᠯᠪᠡ᠃ ᠡᠮᠬᠢᠯᠡᠨ ᠪᠦᠷᠢᠳᠬᠡᠬᠦ ᠪᠠᠷ ᠳᠠᠮᠵᠢᠭᠠᠳ᠂ ᠪᠥᠬᠦ ᠰᠢᠶᠠᠨ ᠤ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠭᠡᠮ ᠤᠨ ᠴᠡᠭ 56 ᠪᠠᠶᠢᠵᠤ᠂ ᠡᠭᠦᠨ ᠳᠤ ᠭᠠᠵᠠᠷ ᠤᠨ ᠭᠠᠳᠠᠷᠭᠤ ᠴᠥᠮᠥᠷᠡᠬᠦ 2 ᠭᠠᠵᠠᠷ᠂ ᠨᠤᠷᠠᠵᠤ ᠶᠡᠭᠦᠷᠡᠬᠦ 27 ᠭᠠᠵᠠᠷ᠂ ᠰᠢᠪᠠᠷ ᠴᠢᠯᠠᠭᠤᠨ ᠤ ᠤᠷᠤᠰᠬᠠᠯ 27 ᠭᠠᠵᠠᠷ ᠢ ᠣᠯᠵᠤ ᠮᠡᠳᠡᠪᠡ᠃ 2024 ᠣᠨ ᠳᠤ ᠭᠤᠣᠯᠳᠠᠯᠭ᠎ᠠ ᠲᠠᠢ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠣᠷᠣᠨ ᠪᠦᠰᠡ ᠶᠢ ᠳᠣᠣᠷᠠᠬᠢ ᠮᠡᠲᠦ ᠲᠥᠰᠥᠭᠡᠯᠡᠶ᠎ᠡ᠄    ︵ᠨᠢᠭᠡ︶ ᠭᠠᠵᠠᠷ ᠬᠥᠷᠥᠰᠥ ᠴᠥᠮᠥᠷᠡᠬᠦ ᠣᠷᠣᠨ    ᠡᠯ ᠹᠧᠨ ᠽᠢ ᠰᠢᠶᠠᠩ ᠤᠨ ᠾᠧᠦ ᠪᠠ ᠽᠢ ᠲᠣᠰᠬᠤᠨ᠂ ᠬᠠᠷ᠎ᠠ ᠬᠤᠰᠢᠭᠤ ᠰᠢᠶᠠᠩ ᠤᠨ ᠾᠧᠦ ᠱᠢ ᠬᠤᠸᠠ ᠠᠯᠲᠠᠨ ᠤ ᠠᠭᠤᠷᠬᠠᠢ ᠨᠢ ᠦᠶᠡᠷ ᠤᠨ ᠬᠤᠭᠤᠴᠠᠭᠠᠨ ᠳᠤ ᠶᠡᠭᠡ ᠬᠡᠮᠵᠢᠶᠡᠨ ᠤ ᠭᠠᠵᠠᠷ ᠴᠥᠮᠥᠷᠡᠬᠦ ᠭᠠᠮᠰᠢᠭ ᠮᠠᠰᠢ ᠬᠢᠯᠪᠠᠷᠬᠠᠨ ᠭᠠᠷᠳᠠᠭ᠃    ︵ᠬᠤᠶᠠᠷ︶ ᠠᠭᠤᠯᠠ ᠨᠤᠷᠠᠵᠤ ᠶᠡᠭᠦᠷᠡᠬᠦ ᠭᠠᠵᠠᠷ    209 ᠤᠯᠤᠰ ᠤᠨ ᠵᠠᠮ ᠤᠨ ᠬᠦᠬᠡᠬᠤᠳᠠ ᠦᠴᠦᠸᠠᠨ ᠤ ᠬᠡᠰᠡᠭ᠂ ᠬᠠᠳᠠᠲᠤ ᠬᠠᠭᠠᠯᠭ᠎ᠠ ᠤᠢ ᠰᠢᠭᠤᠢ ᠶᠢᠨ ᠴᠡᠴᠡᠷᠯᠢᠭ᠂ ᠳ᠋ᠧ ᠱᠧᠩ ᠭᠧᠦ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠵᠠᠰᠠᠮᠠᠯ ᠵᠠᠮ᠂ ᠬᠠᠯᠠᠭᠠᠢ ᠭᠤᠤ᠂ ᠮᠣᠳᠣᠴᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ᠂ ᠪᠤᠢ ᠪᠦᠬᠦᠢ ᠵᠠᠳᠠᠭᠠᠢ ᠨᠡᠭᠡᠭᠡᠨ ᠮᠠᠯᠲᠠᠬᠤ ᠠᠭᠤᠷᠬᠠᠢ ᠶᠢᠨ ᠠᠵᠤ ᠠᠬᠤᠶᠢᠯᠠᠯ᠃    ︵ᠭᠤᠷᠪᠠ︶ ᠰᠢᠪᠠᠷ ᠴᠢᠯᠠᠭᠤᠨ ᠤ ᠤᠷᠤᠰᠬᠠᠯ ᠬᠢᠯᠪᠠᠷᠬᠠᠨ ᠡᠭᠦᠰᠬᠦ ᠣᠷᠣᠨ    ᠬᠠᠷ᠎ᠠ ᠬᠤᠰᠢᠭᠤ ᠰᠢᠶᠠᠩ ᠤᠨ ᠠᠷᠤ ᠠᠶᠢᠯ ᠲᠤᠰᠬᠤᠨ ᠪᠣᠯᠣᠨ ᠣᠪᠣᠭ᠎ᠠ ᠲᠣᠰᠬᠤᠨ᠂ ᠺᠧ ᠯᠢ ᠭᠤᠤ᠂ ᠪᠠᠭ᠎ᠠ ᠬᠤᠭᠤᠯᠠᠢ ᠭᠤᠤ᠂ ᠬᠠᠷᠠᠭᠤᠯ ᠪᠠᠯᠭᠠᠰᠤᠨ ᠤ ᠶᠢᠩ ᠵᠢᠶᠧ ᠬᠤᠳᠠᠯᠳᠤᠭᠠᠨ ᠤ ᠳᠡᠯᠭᠡᠭᠦᠷ᠂ ᠬᠤᠸᠠᠩ ᠳ᠋ᠠᠢ ᠭᠤᠤ ᠲᠣᠰᠬᠤᠨ᠂ ᠨᠠᠨ ᠴᠢᠣᠸᠠᠨ ᠽᠢ ᠲᠣᠰᠬᠤᠨ᠂ ᠳᠠᠯᠠᠨ ᠬᠠᠷ᠎ᠠ ᠠᠭᠤᠯᠠ ᠰᠢᠶᠠᠩ ᠤᠨ ᠰᠠᠨ ᠴᠠ ᠺᠧᠦ ᠲᠣᠰᠬᠤᠨ᠂ ᠳ᠋ᠧ ᠱᠧᠩ ᠭᠧᠦ ᠰᠢᠶᠠᠩ ᠤᠨ ᠭᠤᠸᠠᠨ ᠵᠤᠸᠠᠩ ᠽᠢ ᠵᠡᠭᠦᠨ ᠭᠤᠤ᠂ ᠮᠧᠢ ᠶᠣᠣ ᠭᠤᠤ᠃    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠦᠶᠡᠷ ᠤᠨ ᠬᠤᠭᠤᠴᠠᠭᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠴᠢᠩᠭᠠᠳᠬᠠᠬᠤ ᠬᠡᠷᠡᠭᠲᠡᠢ᠃ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠨᠢ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠠᠵᠢᠯ ᠤᠨ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠶᠡᠷ ᠤᠨ ᠬᠤᠭᠤᠴᠠᠭᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠭᠠᠮᠰᠢᠭ ᠢ ᠰᠡᠷᠭᠡᠶᠢᠯᠡᠬᠦ ᠰᠢᠶᠠᠩ ᠪᠠᠯᠭᠠᠰᠤ ᠨᠢ ᠭᠤᠣᠯ ᠦᠶᠡᠷ ᠤᠨ ᠬᠤᠭᠤᠴᠠᠭᠠᠨ ᠳᠤ ᠲᠤᠰᠬᠠᠢ ᠬᠥᠮᠥᠨ ᠲᠣᠬᠢᠷᠠᠭᠤᠯᠤᠨ 24 ᠴᠠᠭ ᠢᠶᠠᠷ ᠵᠢᠵᠢᠭᠦᠷᠯᠡᠭᠦᠯᠵᠦ᠂ ᠦᠶᠡᠷ ᠤᠰᠤᠲᠤᠯ ᠠᠴᠠ ᠪᠣᠯᠵᠤ ᠰᠢᠪᠠᠷ ᠴᠢᠯᠠᠭᠤᠨ ᠤ ᠤᠷᠤᠰᠬᠠᠯ᠂ ᠨᠤᠷᠠᠵᠤ ᠶᠡᠭᠦᠷᠡᠬᠦ ᠵᠡᠷᠭᠡ ᠭᠠᠵᠠᠷ ᠤᠨ ᠭᠠᠢ ᠭᠠᠮᠰᠢᠭ ᠢ ᠰᠡᠷᠭᠡᠶᠢᠯᠡᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠲᠣᠰ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠬᠡᠮ ᠵᠢᠴᠢ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ ᠭᠤᠣᠯᠳᠠᠯᠭ᠎ᠠ ᠶᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠡᠮᠬᠢᠯᠡᠨ ᠭᠠᠷᠭᠠᠵᠤ᠂ ︽ᠨᠤᠷᠠᠵᠤ ᠶᠡᠭᠦᠷᠡᠬᠦ᠂ ᠴᠥᠮᠥᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠬᠦᠷᠦᠰᠦᠨ ᠤ ᠭᠠᠢ ᠭᠠᠮᠰᠢᠭ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠣᠳᠣᠷᠬᠠᠢ ᠺᠠᠷᠲ︾ ᠢ ᠬᠢᠨᠠᠮᠠᠭᠠᠢ ᠲᠠᠭᠯᠠᠵᠤ᠂ ᠭᠠᠵᠠᠷ ᠳᠡᠭᠡᠷᠡᠬᠢ ᠰᠡᠷᠡᠮᠵᠢᠯᠡᠭᠦᠯᠬᠦ ᠪᠡᠯᠡᠳᠬᠡᠮᠵᠢ ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠵᠦ᠂ ᠭᠠᠮᠰᠢᠭ ᠢ ᠪᠠᠭᠠᠰᠬᠠᠬᠤ᠂ ᠠᠶᠤᠯ ᠠᠴᠠ ᠠᠪᠤᠷᠠᠬᠤ ᠪᠠ ᠠᠪᠤᠷᠠᠨ ᠲᠤᠰᠠᠯᠠᠬᠤ ᠠᠵᠢᠯ ᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠬᠤᠶᠠᠷ︶ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠵᠠᠷᠴᠢᠮ ᠢ ᠦᠨᠳᠦᠰᠦᠯᠡᠨ᠂ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠪᠠᠶᠢᠭᠤᠯᠤᠮᠵᠢ ᠶᠢ ᠪᠠᠶᠢᠭᠤᠯᠵᠤ᠂ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠦᠶᠡᠷ ᠤᠨ ᠬᠤᠭᠤᠴᠠᠭᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠭᠤᠣᠯᠳᠠᠯᠭ᠎ᠠ ᠲᠠᠢ ᠭᠠᠮᠰᠢᠭ ᠢ ᠰᠡᠷᠭᠡᠶᠢᠯᠡᠬᠦ ᠨᠢᠭᠡᠴᠢ ᠨᠦᠭᠦᠳ ᠨᠢᠭᠡᠨᠲᠡ ᠮᠡᠳᠡᠭᠰᠡᠨ ᠳᠠᠯᠳᠠ ᠭᠡᠮ ᠤᠨ ᠴᠡᠭ ᠢ ᠬᠢᠨᠠᠨ ᠡᠵᠡᠮᠳᠡᠬᠦ ᠪᠠᠨ ᠴᠢᠩᠭᠠᠳᠬᠠᠵᠤ᠂ ᠰᠢᠨ᠎ᠡ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠭᠡᠮ ᠤᠨ ᠴᠡᠭ ᠢ ᠴᠠᠭ ᠲᠤᠬᠠᠢ ᠳᠤᠨᠢ ᠮᠡᠳᠡᠭᠦᠯᠵᠦ᠂ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠪᠦᠰᠡ ᠪᠣᠯᠣᠨ ᠨᠢᠭᠡᠴᠢ ᠶᠢ ᠵᠦᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠬᠠᠮᠢᠶᠠᠷᠤᠯᠲᠠ ᠨᠢ ᠰᠤᠯᠠ ᠠᠴᠠ ᠪᠣᠯᠵᠤ ᠬᠥᠮᠥᠨ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠣᠯ᠂ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠬᠦ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃    ︵ᠭᠤᠷᠪᠠ︶ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠭᠠᠵᠠᠷ ᠤᠨ ᠭᠠᠮᠰᠢᠭ ᠤᠨ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠢ ᠲᠦᠷᠭᠡᠨ ᠮᠡᠳᠡᠭᠦᠯᠬᠦ ᠳᠦᠷᠢᠮ ᠢ ᠪᠠᠶᠢᠭᠤᠯᠬᠤ ᠬᠡᠷᠡᠭᠲᠡᠢ᠃ ᠡᠯ ᠹᠧᠨ ᠽᠢ ᠰᠢᠶᠠᠩ ᠤᠨ ᠾᠧᠦ ᠪᠠ ᠽᠢ ᠲᠤᠰᠬᠤᠨ᠂ ᠯᠢᠦ ᠲᠦᠩ ᠬᠤᠣ ᠨᠡᠭᠦᠷᠡᠰᠦᠨ ᠠᠭᠤᠷᠬᠠᠢ᠂ ᠬᠠᠷᠠᠭᠤᠯ ᠪᠠᠯᠭᠠᠰᠤᠨ ᠤ ᠰᠢᠶᠣᠣ ᠬᠤᠸᠠᠨ ᠴᠢᠦ ᠠᠯᠳᠠᠨ ᠤ ᠠᠭᠤᠷᠬᠠᠢ᠂ ᠶᠦᠩ ᠹᠧᠩ ᠠᠯᠳᠠᠨ ᠤ ᠠᠭᠤᠷᠬᠠᠢ᠂ ᠬᠠᠷ᠎ᠠ ᠬᠤᠰᠢᠭᠤ ᠰᠢᠶᠠᠩ ᠤᠨ ᠾᠧᠦ ᠱᠢ ᠬᠤᠸᠠ ᠠᠯᠳᠠᠨ ᠠᠭᠤᠷᠬᠠᠢ ᠮᠠᠯᠳᠠᠯᠭ᠎ᠠ ᠶᠢᠨ ᠲᠣᠭᠤᠷᠢᠭ᠂ ᠪᠠᠭ᠎ᠠ ᠬᠤᠭᠤᠯᠠᠢ ᠭᠤᠤ᠂ ᠺᠧ ᠯᠢ ᠭᠤᠤ᠂ ᠬᠠᠳᠠᠲᠤ ᠬᠠᠭᠠᠯᠭ᠎ᠠ ᠤᠢ ᠰᠢᠭᠤᠢ ᠶᠢᠨ ᠴᠡᠴᠡᠷᠯᠢᠭ᠂ 209 ᠤᠯᠤᠰ ᠤᠨ ᠵᠠᠮ ᠤᠨ ᠬᠦᠬᠡᠬᠤᠳᠠ ᠦᠴᠦᠸᠠᠨ ᠤ ᠬᠡᠰᠡᠭ᠂ ᠮᠣᠳᠣᠴᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠭᠤᠣᠯᠳᠠᠯᠭ᠎ᠠ ᠲᠠᠢ ᠰᠡᠷᠭᠡᠶᠢᠯᠡᠨ ᠵᠠᠰᠠᠬᠤ ᠣᠷᠣᠨ ᠳᠤ᠂ ᠭᠠᠮᠰᠢᠭ ᠢ ᠰᠡᠷᠭᠡᠶᠢᠯᠡᠬᠦ ᠡᠯ᠎ᠡ ᠬᠠᠷᠢᠭᠤᠴᠠᠯᠭᠠᠲᠤ ᠨᠢᠭᠡᠴᠢ 5-9 ᠰᠠᠷ᠎ᠠ ᠶᠢᠨ ᠦᠶᠡᠷ ᠤᠨ ᠬᠤᠭᠤᠴᠠᠭᠠᠨ ᠳᠤ ᠲᠤᠰᠬᠠᠢ ︵ᠬᠠᠪᠰᠤᠷᠭᠠᠬᠤ︶ ᠲᠣᠬᠢᠷᠠᠭᠤᠯᠤᠯᠲᠠ ᠬᠢᠬᠦ ᠬᠡᠷᠡᠭᠲᠡᠢ᠃ ᠵᠢᠵᠢᠭᠦᠷᠯᠡᠭᠴᠢ᠂ ᠴᠢᠮᠡᠭᠡ ᠨᠡᠪᠲᠡᠷᠡᠯᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠭᠡᠮ ᠢ ᠴᠠᠭ ᠲᠤᠬᠠᠢ ᠳᠤᠨᠢ ᠢᠯᠡᠷᠡᠭᠦᠯᠬᠦ ᠪᠠ ᠮᠡᠳᠡᠭᠦᠯᠵᠦ᠂ ᠭᠠᠵᠠᠷ ᠬᠦᠷᠦᠰᠦᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠪᠤᠰᠤᠳ ᠰᠢᠶᠠᠩ ᠪᠠᠯᠭᠠᠰᠤ ᠪᠣᠯᠣᠨ ᠨᠢᠭᠡᠴᠢ ᠲᠣᠰ ᠲᠣᠰ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ︵ᠳᠥᠷᠪᠡ︶ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠶᠢᠨ ᠠᠵᠢᠯ ᠢ ᠴᠢᠩᠭᠠᠷᠠᠭᠤᠯᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠵᠠᠭᠤᠴᠢᠯᠠᠭᠤᠷ ᠤᠨ ᠤᠬᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠶᠠᠩᠵᠤ ᠬᠡᠯᠪᠡᠷᠢ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠦᠨᠳᠦᠰᠦᠨ ᠮᠡᠳᠡᠯᠭᠡ ᠪᠠ ᠬᠠᠮᠢᠶ᠎ᠠ ᠪᠦᠬᠦᠢ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠠᠵᠢᠯ ᠢ ᠢᠳᠡᠪᠬᠢᠲᠡᠢ ᠪᠠᠷ ᠥᠷᠨᠢᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ᠭᠤᠣᠯ ᠦᠶᠡᠷ ᠤᠨ ᠬᠤᠭᠤᠴᠠᠭᠠᠨ ᠳᠤ ᠠᠭᠤᠷᠬᠠᠢ᠂ ᠭᠤᠣᠯᠳᠠᠯᠭ᠎ᠠ ᠲᠠᠢ ᠭᠠᠮᠰᠢᠭ ᠢ ᠰᠡᠷᠭᠡᠶᠢᠯᠡᠬᠦ ᠨᠢᠭᠡᠴᠢ ᠶᠢ ᠲᠣᠭᠤᠷᠢᠨ ᠪᠠᠶᠢᠴᠠᠭᠠᠬᠤ ᠬᠠᠮᠢᠶᠠᠷᠤᠯᠲᠠ ᠪᠠᠨ ᠣᠨᠴᠠᠭᠠᠶᠢᠯᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠠᠴᠠ ᠵᠠᠶᠢᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠠᠷᠬᠠᠭᠠᠵᠤ᠂ ︽ᠨᠤᠷᠠᠵᠤ ᠶᠡᠭᠦᠷᠡᠬᠦ᠂ ᠴᠥᠮᠥᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠬᠦᠷᠦᠰᠦᠨ ᠤ ᠭᠠᠢ ᠭᠠᠮᠰᠢᠭ ᠤᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠲᠣᠳᠣᠷᠬᠠᠢ ᠺᠠᠷᠲ︾ ᠢ ᠴᠠᠭ ᠲᠤᠬᠠᠢ ᠳᠤᠨᠢ ᠲᠠᠭᠯᠠᠨ ᠥᠭᠬᠦ ᠶᠢᠨ ᠬᠠᠮᠲᠤ ᠲᠠᠷᠬᠠᠭᠠᠵᠤ᠂ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠭᠡᠮ ᠤᠨ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠳᠤ ᠭᠠᠢ ᠭᠠᠮᠰᠢᠭ ᠤᠨ ᠪᠠᠶᠢᠳᠠᠯ ᠪᠣᠯᠣᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠥᠬᠦ ᠠᠷᠠᠳ ᠤᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠵᠦ᠂ ᠭᠠᠵᠠᠷ ᠤᠨ ᠭᠠᠢ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ ᠠᠵᠢᠯ ᠳᠤ ᠬᠠᠮᠲᠤᠪᠠᠷ ᠣᠷᠣᠯᠴᠠᠬᠤ ᠬᠡᠷᠡᠭᠲᠡᠢ᠃ ︽ᠨᠤᠷᠠᠵᠤ ᠶᠡᠭᠦᠷᠡᠬᠦ᠂ ᠴᠥᠮᠥᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠬᠦᠷᠦᠰᠦᠨ ᠤ ᠭᠠᠢ ᠭᠠᠮᠰᠢᠭ ᠤᠨ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠲᠣᠳᠣᠷᠬᠠᠢ ᠺᠠᠷᠲ︾ ᠲᠠᠷᠬᠠᠭᠠᠬᠤ ᠠᠵᠢᠯ ᠢ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠨ ᠢ ᠪᠡᠶᠡᠯᠡᠭᠦᠯᠬᠦ ᠬᠡᠷᠡᠭᠲᠡᠢ᠃    ︵ᠲᠠᠪᠤ︶ ᠦᠶᠡᠷ ᠤᠨ ᠬᠤᠭᠤᠴᠠᠭᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠠᠵᠠᠷ ᠬᠦᠷᠦᠰᠦᠨ ᠤ ᠭᠠᠢ ᠭᠠᠮᠰᠢᠭ ᠢ ᠬᠤᠯᠪᠤᠭᠠᠯᠠᠨ ᠰᠡᠷᠭᠡᠶᠢᠯᠡᠵᠦ ᠲᠣᠭᠤᠷᠢᠨ ᠪᠠᠶᠢᠴᠠᠭᠠᠬᠤ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠲᠦᠷᠭᠡᠨ ᠠᠷᠭᠠᠴᠠᠬᠤ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ︽ᠰᠢᠨ᠎ᠡ ᠠᠶᠤᠯᠭᠦᠢ ᠦᠢᠯᠡᠳᠪᠦᠷᠢᠯᠡᠯ ᠤᠨ ᠬᠠᠤᠯᠢ︾ ᠵᠢᠴᠢ ᠢᠵᠢ ᠪᠦᠷᠢᠳᠦᠭᠰᠡᠨ ᠬᠠᠤᠯᠢ ᠲᠣᠭᠲᠠᠭᠠᠯ ᠪᠣᠯᠣᠨ ᠳᠦᠷᠢᠮ ᠢ ᠴᠢᠩᠭ᠎ᠠ ᠵᠢᠷᠤᠮᠯᠠᠨ᠂ ᠦᠶᠡᠷ ᠤᠨ ᠬᠤᠭᠤᠴᠠᠭᠠᠨ ᠳᠤ ᠪᠥᠬᠦ ᠰᠢᠶᠠᠨ ᠤ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠳᠤ ᠠᠶᠤᠯᠭᠦᠢ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠵᠠᠭᠤ ᠪᠡᠯ ᠤᠨ ᠲᠣᠭᠲᠠᠪᠤᠷᠢᠲᠤ ᠴᠢᠨᠠᠷ ᠢᠶᠠᠷ ᠠᠨᠠᠢ ᠵᠡᠷᠭᠡ ᠭᠠᠵᠠᠷ ᠬᠦᠷᠦᠰᠦᠨ ᠤ ᠭᠠᠢ ᠭᠠᠮᠰᠢᠭ ᠤᠨ ᠠᠮᠤᠷ ᠲᠦᠪᠰᠢᠨ ᠤ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠠᠤᠯᠢ ᠶᠣᠰᠣᠭᠠᠷ ᠴᠡᠭᠴᠡᠯᠡᠨ ᠰᠠᠶᠢᠵᠢᠷᠠᠭᠤᠯᠬᠤ ᠰᠠᠨᠠᠯ ᠢ ᠪᠢᠴᠢᠭ ᠢᠶᠠᠷ ᠳᠤᠷᠠᠳᠴᠤ᠂ ᠪᠠᠷᠢᠯᠭ᠎ᠠ ᠶᠢᠨ ᠠᠶᠤᠯ ᠢ ᠠᠷᠢᠯᠭᠠᠬᠤ ᠪᠤᠶᠤ ᠪᠠᠬᠢᠯᠡᠬᠦ ᠶᠢ ᠵᠠᠷᠯᠢᠭᠳᠠᠵᠤ᠂ ᠴᠡᠭᠴᠡᠯᠡᠨ ᠰᠠᠶᠢᠵᠢᠷᠠᠭᠤᠯᠬᠤ ᠪᠠᠷ ᠳᠠᠮᠵᠢᠭᠠᠳ ᠮᠥᠨ ᠬᠦ ᠪᠠᠷᠢᠮᠵᠢᠶ᠎ᠠ ᠳᠤ ᠬᠦᠷᠴᠦ ᠳᠡᠶᠢᠯᠬᠦ ᠦᠭᠡᠢ ᠪᠠᠶᠢᠪᠠᠯ᠂ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢ ᠨᠢ ᠵᠣᠭᠰᠣᠭᠠᠨ ᠴᠡᠭᠴᠡᠯᠡᠬᠦ ᠬᠡᠷᠡᠭᠲᠡᠢ᠃    ᠴᠠᠭ ᠠᠭᠤᠷ ᠤᠨ ᠲᠣᠪᠴᠢᠶ᠎ᠠ᠄ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠲᠤᠬᠠᠶᠢᠯᠠᠭᠰᠠᠨ ᠠᠵᠢᠯ ᠤᠨ ᠬᠠᠷᠢᠯᠴᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠭᠠᠮᠰᠢᠭ ᠢ ᠰᠡᠷᠭᠡᠶᠢᠯᠡᠬᠦ ᠣᠷᠣᠨ ᠪᠦᠰᠡ ᠳᠤ ᠪᠠᠶᠢᠭ᠎ᠠ ᠨᠢᠭᠡᠴᠢ ᠳᠤ ᠰᠠᠨᠠᠭᠠᠴᠢᠯᠠᠭ᠎ᠠ ᠠᠴᠠ ᠪᠠᠨ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠪᠦᠬᠦ ᠰᠢᠶᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠠᠮᠰᠢᠭ ᠤᠨ ᠬᠤᠬᠢᠷᠠᠯ ᠢ ᠴᠢᠷᠮᠠᠶᠢᠨ ᠪᠠᠭᠠᠰᠬᠠᠬᠤ ᠬᠡᠷᠡᠭᠲᠡᠢ᠃    ᠵᠠᠮ ᠬᠠᠷᠢᠯᠴᠠᠭᠠᠨ ᠤ ᠲᠣᠪᠴᠢᠶ᠎ᠠ᠄ ᠵᠠᠰᠠᠮᠠᠯ ᠵᠠᠮ ᠤᠨ ᠦᠶᠡᠷ ᠤᠨ ᠬᠤᠭᠤᠴᠠᠭᠠᠨ ᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠬᠦ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠬᠦᠨᠳᠦ ᠨᠣᠴᠢᠲᠠᠢ ᠭᠠᠵᠠᠷ ᠬᠦᠷᠦᠰᠦᠨ ᠤ ᠭᠠᠢ ᠭᠠᠮᠰᠢᠭ ᠤᠨ ᠳᠠᠯᠳᠠ ᠬᠡᠮ ᠣᠷᠣᠰᠢᠵᠤ ᠪᠠᠶᠢᠭ᠎ᠠ ᠠᠶᠤᠯ ᠶᠡᠬᠡᠲᠡᠢ ᠵᠠᠮ ᠤᠨ ᠬᠡᠰᠡᠭ ᠲᠤ ᠡᠵᠡᠩᠨᠡᠯᠲᠡ ᠶᠢᠨ ᠨᠢᠭᠡᠴᠢ ᠶᠢ ᠵᠠᠷᠯᠢᠭᠳᠠᠨ ᠵᠠᠰᠠᠬᠤ ᠢᠨᠵᠧᠨᠧᠷᠢᠩ ᠳᠤ ᠣᠷᠣᠭᠤᠯᠵᠤ᠂ ᠭᠠᠵᠠᠷ ᠳᠡᠭᠡᠷᠡᠬᠢ ᠰᠡᠷᠡᠮᠵᠢ ᠶᠢᠨ ᠫᠠᠶᠢᠰᠠ ᠪᠠᠶᠢᠷᠢᠯᠠᠭᠤᠯᠬᠤ᠂ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠭᠠᠢ ᠭᠠᠮᠰᠢᠭ ᠤᠨ ᠵᠠᠮ ᠤᠨ ᠬᠡᠰᠡᠭ ᠤᠨ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠵᠡᠷᠭᠡ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠦᠶᠡᠷ ᠤᠨ ᠬᠤᠭᠤᠴᠠᠭᠠᠨ ᠤ ᠵᠠᠰᠠᠮᠠᠯ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠄ ᠵᠢᠭᠤᠯᠴᠢᠯᠠᠯ ᠤᠨ ᠦᠵᠡᠮᠵᠢ ᠶᠢᠨ ᠣᠷᠣᠨ ᠤ ᠦᠶᠡᠷ ᠤᠨ ᠬᠤᠭᠤᠴᠠᠭᠠᠨ ᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠡᠯ᠎ᠡ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ ᠦᠶᠡᠷ ᠤᠨ ᠬᠤᠭᠤᠴᠠᠭᠠᠨ ᠤ ᠡᠮᠦᠨ᠎ᠡ ᠦᠵᠡᠮᠵᠢ ᠶᠢᠨ ᠣᠷᠣᠨ ᠤ ᠨᠤᠷᠠᠬᠤ ᠠᠶᠤᠯᠲᠠᠢ ᠴᠢᠯᠠᠭᠤᠯᠢᠭ ᠤᠨ ᠪᠡᠶ᠎ᠡ ᠳᠤ ᠲᠣᠭᠲᠠᠪᠤᠷᠢᠲᠤ ᠴᠢᠨᠠᠷ ᠢ ᠵᠢᠭᠰᠠᠭᠠᠨ ᠪᠠᠶᠢᠴᠠᠭᠠᠵᠤ ᠪᠠᠬᠢᠵᠢᠭᠦᠯᠵᠦ᠂ ᠲᠤᠰᠬᠠᠢ ᠬᠥᠮᠥᠨ ᠲᠣᠬᠢᠷᠠᠭᠤᠯᠤᠨ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠭᠤᠯᠬᠤ ᠬᠡᠷᠡᠭᠲᠡᠢ᠃ ᠬᠠᠳᠠᠲᠤ ᠬᠠᠭᠠᠯᠭ᠎ᠠ ᠤᠢ ᠰᠢᠭᠤᠢ ᠶᠢᠨ ᠴᠡᠴᠡᠷᠯᠢᠭ ᠤᠨ ᠭᠠᠵᠠᠷ ᠤᠨ ᠭᠠᠳᠠᠷᠭᠤ ᠶᠢᠨ ᠰᠡᠷᠡᠮᠵᠢᠯᠡᠭᠦᠯᠬᠦ ᠲᠡᠮᠳᠡᠭ ᠢ ᠲᠡᠭᠦᠯᠳᠡᠷᠵᠢᠭᠦᠯᠵᠦ᠂ ᠴᠢᠯᠠᠭᠤᠯᠢᠭ ᠨᠤᠷᠠᠵᠤ ᠶᠡᠭᠦᠷᠡᠵᠦ ᠬᠥᠮᠥᠨ ᠢ ᠰᠢᠷᠬᠠᠳᠤᠭᠤᠯᠬᠤ ᠬᠡᠷᠡᠭ ᠢ ᠰᠡᠷᠭᠡᠶᠢᠯᠡᠬᠦ ᠬᠡᠷᠡᠭᠲᠡᠢ᠃ ᠳ᠋ᠧ ᠱᠧᠩ ᠭᠧᠦ ᠬᠤᠪᠢᠰᠬᠠᠯ ᠤᠨ ᠳᠤᠷᠠᠰᠬᠠᠯᠲᠤ ᠵᠤᠭᠠᠴᠠᠯ ᠤᠨ ᠣᠷᠣᠨ ᠤ ᠵᠠᠰᠠᠮᠠᠯ ᠵᠠᠮ ᠳᠤ ᠬᠠᠵᠠᠭᠤ ᠪᠠᠯ ᠬᠡᠮᠬᠡᠷᠡᠭᠰᠡᠨ᠂ ᠰᠤᠯᠠ ᠵᠠᠳᠠᠭᠠᠢ ᠴᠢᠯᠠᠭᠤᠯᠢᠭ ᠨᠠᠯᠠᠤ ᠪᠠᠯ ᠤᠨ ᠭᠠᠮᠰᠢᠭ ᠤᠨ ᠳᠠᠯᠳᠠ ᠭᠡᠮ ᠣᠷᠣᠰᠢᠨ᠎ᠠ᠂ ᠭᠤᠣᠯ ᠦᠶᠡᠷ ᠤᠨ ᠬᠤᠭᠤᠴᠠᠭᠠᠨ ᠳᠤ ᠪᠠᠬᠢᠵᠢᠭᠦᠯᠬᠦ ᠠᠷᠭ᠎ᠠ ᠬᠡᠮᠵᠢᠶ᠎ᠡ ᠠᠪᠬᠤ ᠪᠤᠶᠤ ᠭᠠᠵᠠᠷ ᠤᠨ ᠭᠠᠳᠠᠷᠭᠤ ᠶᠢᠨ ᠲᠡᠮᠳᠡᠭ ᠲᠠᠯᠪᠢᠵᠤ᠂ ᠵᠢᠭᠤᠯᠴᠢᠯᠠᠯ ᠤᠨ ᠲᠡᠷᠭᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠶᠢ ᠰᠠᠨᠠᠭᠤᠯᠬᠤ ᠬᠡᠷᠡᠭᠲᠡᠢ᠃    ᠰᠤᠷᠭᠠᠨ ᠬᠥᠮᠦᠵᠢᠯ ᠤᠨ ᠲᠣᠪᠴᠢᠶ᠎ᠠ᠄ ᠦᠶᠡᠷ ᠤᠨ ᠬᠤᠭᠤᠴᠠᠭᠠᠨ ᠤ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠭᠠᠮᠰᠢᠭ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠭᠠᠵᠤ ᠬᠢᠨᠠᠨ ᠡᠵᠡᠮᠳᠡᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠦᠴᠦᠸᠠᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ ᠤᠨ ᠪᠦᠲᠦᠭᠡᠨ ᠪᠠᠶᠢᠭᠤᠯᠤᠯᠲᠠ ᠶᠢᠨ ᠰᠣᠩᠭᠤᠭᠰᠠᠨ ᠭᠠᠵᠠᠷ ᠨᠢ ᠬᠤᠲᠣᠭᠤᠷ ᠭᠠᠵᠠᠷ ᠤᠨ ᠪᠠᠶᠢᠴᠠ ᠲᠠᠢ ᠪᠠᠶᠢᠵᠤ᠂ ᠦᠶᠡᠷ ᠤᠨ ᠬᠤᠭᠤᠴᠠᠭᠠᠨ ᠳᠤ ᠤᠰᠤᠲᠤᠯ ᠢ ᠵᠠᠯᠠᠬᠤ ᠳᠠᠯᠳᠠ ᠭᠡᠮ ᠪᠣᠯᠣᠨ ᠬᠥᠯᠳᠡᠵᠦ ᠬᠠᠶᠢᠯᠬᠤ ᠭᠠᠮᠰᠢᠭ ᠣᠷᠣᠰᠢᠵᠤ ᠪᠠᠶᠢᠪᠠᠯ᠂ ᠪᠠᠷᠢᠯᠭ᠎ᠠ ᠶᠢ ᠵᠠᠰᠠᠬᠤ ᠪᠠ ᠦᠶᠡᠷ ᠤᠨ ᠬᠤᠭᠤᠴᠠᠭᠠᠨ ᠳᠤ ᠵᠢᠵᠢᠭᠦᠷᠯᠡᠬᠦ᠂ ᠭᠠᠮᠰᠢᠭ ᠠᠴᠠ ᠡᠮᠦᠨ᠎ᠡ ᠵᠠᠶᠢᠯᠠᠭᠤᠯᠬᠤ ᠵᠡᠷᠭᠡ ᠶᠡᠷᠦᠩᠬᠡᠶᠢᠯᠡᠨ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ᠤᠰᠤᠨ ᠤ ᠶᠠᠪᠤᠳᠠᠯ ᠤᠨ ᠲᠣᠪᠴᠢᠶ᠎ᠠ᠄ ᠦᠶᠡᠷ ᠤᠨ ᠬᠤᠭᠤᠴᠠᠭᠠᠨ ᠤ ᠤᠰᠤᠨ ᠵᠦᠢ ᠶᠢᠨ ᠬᠢᠨᠠᠨ ᠬᠡᠮᠵᠢᠯᠲᠡ᠂ ᠠᠭᠤᠯᠠᠨ ᠦᠶᠡᠷ ᠤᠨ ᠭᠤᠤ ᠶᠢ ᠵᠠᠰᠠᠬᠤ᠂ ᠤᠰᠤᠨ ᠴᠥᠭᠦᠷᠥᠮ ᠢ ᠪᠠᠬᠢᠵᠢᠭᠦᠯᠬᠦ᠂ ᠬᠥᠷᠥᠰᠥ ᠰᠢᠷᠣᠢ ᠶᠢ ᠬᠠᠮᠠᠭᠠᠯᠠᠬᠤ ᠵᠢᠴᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶ᠎ᠠ ᠪᠦᠬᠦᠢ ᠪᠡᠯᠡᠳᠬᠡᠯ ᠲᠥᠰᠥᠯ ᠢ ᠰᠠᠶᠢᠲᠤᠷ ᠬᠢᠵᠦ᠂ ᠠᠭᠤᠯᠠᠨ ᠦᠶᠡᠷ ᠢ ᠰᠡᠷᠭᠡᠶᠢᠯᠡᠨ ᠵᠠᠰᠠᠬᠤ ᠰᠢᠶᠠᠨ ᠤ ᠱᠠᠲᠤᠨ ᠤ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠲᠦᠷᠦᠭᠦᠯᠡᠨ ᠨᠠᠶᠢᠷᠠᠭᠤᠯᠤᠨ ᠵᠣᠬᠢᠶᠠᠵᠤ᠂ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ᠂ ᠲᠥᠷᠥᠯ ᠵᠦᠢᠯ ᠤᠨ ᠣᠯᠠᠨ ᠠᠷᠭ᠎ᠠ ᠵᠠᠮ ᠢᠶᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠭᠤᠣᠯ ᠤᠨ ᠵᠠᠮ ᠤᠨ ᠲᠦᠭᠵᠢᠷᠡᠯ ᠤᠨ ᠳᠠᠯᠳᠠ ᠬᠡᠮ ᠢ ᠴᠢᠷᠮᠠᠶᠢᠨ ᠵᠠᠰᠠᠬᠤ ᠬᠡᠷᠡᠭᠲᠡᠢ᠃    ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠡᠳ᠋ ᠤᠨ ᠵᠠᠰᠠᠭ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠠᠵᠠᠷ ᠬᠦᠷᠦᠰᠦᠨ ᠤ ᠭᠠᠢ ᠭᠠᠮᠰᠢᠭ ᠤᠨ ᠪᠠᠴᠢᠮ ᠠᠪᠤᠷᠠᠨ ᠲᠤᠰᠠᠯᠠᠵᠤ ᠠᠶᠤᠯ ᠠᠴᠠ ᠠᠪᠤᠷᠠᠬᠤ ᠠᠵᠢᠯ ᠢ ᠰᠠᠶᠢᠲᠤᠷ ᠬᠢᠵᠦ᠂ ︽ᠦᠴᠦᠸᠠᠨ ᠰᠢᠶᠠᠨ ᠤ ᠭᠡᠨᠡᠳᠲᠡ ᠶᠢᠨ ᠭᠠᠵᠠᠷ ᠬᠦᠷᠦᠰᠦᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠤᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠢ ᠵᠢᠯᠣᠭᠤᠳᠤᠯᠭ᠎ᠠ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠬᠦᠷᠦᠰᠦᠨ ᠤ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠠᠵᠢᠯ ᠢ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号