ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠬᠢᠨ ᠦᠴᠦᠸᠠᠨ ᠰᠢᠶᠠᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠵᠧᠨ ᠷᠦᠩ ᠨᠠᠷ ᠦᠴᠦᠸᠠᠨ ᠰᠢᠶᠠᠨ ᠳᠤ ᠰᠢᠨᠵᠢᠯᠡᠨ ᠪᠠᠶᠢᠴᠠᠭᠠᠪᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠸᠠᠩ ᠺᠦᠨ ᠵᠢᠴᠢ ᠮᠠᠨ ᠤ ᠰᠢᠶᠠᠨ ᠤ ᠤᠳᠤᠷᠢᠳᠤᠯᠭ᠎ᠠ ᠬᠠᠳᠠ᠂ ᠨᠢᠦ ᠶᠤᠸᠠᠨ ᠵᠧ᠂ ᠵᠠᠩ ᠵᠢᠶᠧ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃     ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠦᠴᠦᠸᠠᠨ ᠰᠢᠶᠠᠨ ᠤ ᠠᠵᠤ ᠦᠢᠯᠡᠰ ᠤᠨ ᠲᠥᠯᠦᠪᠵᠢᠭᠦᠯᠭᠡ ᠶᠢᠨ ᠦᠵᠡᠭᠦᠯᠭᠡ ᠶᠢᠨ ᠣᠷᠳᠣᠨ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ︽ᠬᠤᠶᠠᠷ ᠪᠤᠭᠤᠳᠠᠢ ︵ᠨᠣᠬᠠᠢ ᠶᠢᠨ ᠬᠤᠰᠢᠭᠤ᠂ ᠨᠣᠶᠢᠯ ᠤᠨ ᠪᠤᠭᠤᠳᠠᠢ︶ ᠨᠢᠭᠡ ᠬᠤᠨᠢ ︵ᠢᠳᠡᠰᠢᠨ ᠬᠤᠨᠢ︶︾᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠲᠠᠷᠢᠵᠤ ᠡᠳ᠋ᠰᠢᠭᠦᠯᠬᠦ ᠵᠡᠷᠭᠡ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠳᠠᠪᠠᠭᠤᠯᠢᠭ ᠲᠤ ᠲᠦᠰᠢᠭᠯᠡᠨ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠣᠷᠣᠨ ᠢ ᠪᠠᠶᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠵᠠᠩ ᠵᠧᠨ ᠷᠦᠩ ᠮᠠᠨ ᠤ ᠰᠢᠶᠠᠨ ᠤ ᠣᠶᠢᠷ᠎ᠠ ᠶᠢᠨ ᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠮᠠᠨ ᠤ ᠰᠢᠶᠠᠨ ᠤ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ᠂ ᠰᠢᠯᠢᠳᠡᠭ ᠦᠢᠯᠡᠴᠢᠯᠡᠭᠡ ᠵᠡᠷᠭᠡ ᠠᠷᠭ᠎ᠠ ᠬᠢᠳᠡᠯ ᠢ ᠭᠦᠢᠴᠡᠳ ᠨᠤᠲᠠᠯᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠳᠠᠷᠠᠭ᠎ᠠ ᠨᠢ ᠥᠪᠥᠷ ᠮᠣᠩᠭᠤᠯ ᠤᠨ ᠨᠡᠶᠢᠳᠡᠮ ᠬᠡᠷᠡᠭᠯᠡᠬᠦ ᠬᠢᠲᠠᠳ ᠡᠮ ᠤᠨ ᠬᠢᠵᠠᠭᠠᠷᠲᠤ ᠺᠣᠮᠫᠠᠨᠢ ᠳᠤ ᠬᠦᠷᠴᠦ᠂ ᠦᠢᠯᠡᠳᠪᠦᠷᠢᠯᠡᠯ ᠤᠨ ᠲᠠᠰᠤᠭ ᠲᠤ ᠬᠤᠨᠴᠢᠷ ᠲᠠᠷᠢᠬᠤ᠂ ᠪᠣᠯᠪᠠᠰᠤᠷᠠᠭᠤᠯᠬᠤ ᠵᠡᠷᠭᠡ ᠠᠰᠠᠭᠤᠳᠠᠯ ᠢ ᠰᠣᠯᠢᠯᠴᠠᠪᠠ᠃ ᠣᠶᠢᠯᠠᠭᠠᠭᠰᠠᠨ ᠢᠶᠠᠷ᠂ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠨᠢ ᠴᠡᠭ ᠲᠣᠭᠲᠠᠭᠠᠨ ᠮᠠᠨ ᠤ ᠰᠢᠶᠠᠨ ᠢ ᠬᠠᠪᠰᠤᠷᠤᠨ ᠲᠡᠳᠬᠦᠭᠰᠡᠨ ᠠᠴᠠ ᠨᠠᠰᠢ᠂ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠠ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ︾ ᠣᠨᠣᠯᠵᠢᠬᠤᠨ ᠢ ᠪᠠᠷᠢᠮᠲᠠᠯᠠᠵᠤ᠂ ᠣᠨᠴᠠᠯᠢᠭᠲᠤ ᠠᠵᠤ ᠦᠢᠯᠡᠰ ᠢ ᠰᠣᠩᠭᠤᠨ᠂ ᠪᠣᠳᠠᠲᠤ ᠪᠠᠶᠢᠳᠠᠯ ᠳᠤ ᠰᠠᠭᠤᠷᠢᠯᠠᠨ ᠠᠵᠤ ᠦᠢᠯᠡᠰ ᠢ ᠬᠦᠴᠦᠷᠬᠡᠭᠵᠢᠭᠦᠯᠵᠦ᠂ ᠢᠷᠡᠭᠡᠳᠦᠢ ᠳᠤ ᠰᠠᠭᠤᠷᠢᠯᠠᠨ ᠠᠵᠤ ᠦᠢᠯᠡᠰ ᠢ ᠰᠦᠪᠡᠭᠴᠢᠯᠡᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠤᠨ᠂ ᠮᠠᠨ ᠤ ᠰᠢᠶᠠᠨ ᠤ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠳᠠᠶᠢᠴᠢᠯᠠᠵᠤ᠂ ︽ᠬᠤᠨᠴᠢᠷ ᠡᠮ ᠤᠨ ᠨᠤᠲᠤᠭ︾ ᠢ ᠳᠠᠬᠢᠨ ᠮᠠᠨᠳᠤᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠪᠡ᠃      ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ ᠬᠤᠯᠪᠣᠭᠳᠠᠯ ᠪᠦᠬᠦᠢ ᠵᠦᠢᠯᠡᠰ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ (ᠰᠤᠷᠪᠤᠯᠵᠢᠯᠠᠭᠴᠢ ᠄ ᠯᠢᠦ ᠪᠠᠢ ᠢᠦᠢ ᠵᠠᠩ ᠵᠠᠨ ᠹᠧᠩ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ\
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号