ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠳᠤ ᠨᠢᠭᠡᠨᠲᠡ ᠤᠯᠤᠰ ᠤᠨ ᠳᠡᠰ ᠤᠨ ᠲᠤᠰᠬᠠᠶᠢᠵᠢᠭᠰᠠᠨ | ᠨᠠᠷᠢᠯᠢᠭᠵᠢᠭᠰᠠᠨ ᠣᠨᠴᠠᠯᠢᠭᠲᠤ ᠰᠢᠨ᠎ᠡ 27 ︽ᠪᠢᠴᠢᠬᠠᠨ ᠠᠪᠤᠷᠭᠤ︾ ᠠᠵᠤ ᠠᠬᠤᠶᠢᠯᠠᠯ ᠲᠠᠢ ᠪᠣᠯᠪᠠ᠃ | ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ᠪᠢᠴᠢᠬᠠᠨ ᠠᠪᠤᠷᠭᠤ︾ ᠠᠵᠤ ᠠᠬᠤᠶᠢᠯᠠᠯ ᠪᠣᠯ | ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠤᠨ ᠳᠣᠲᠣᠷᠠᠬᠢ | ᠰᠢᠯᠢᠳᠡᠭ ᠤᠨ ᠰᠢᠯᠢᠳᠡᠭ ᠨᠢ ᠪᠣᠯᠣᠨ᠎ᠠ᠃ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ︾ ᠭᠡᠬᠦ | ᠨᠡᠷᠡᠶᠢᠳᠦᠯ ᠢ 2011 ᠣᠨ ᠤ 7 ᠰᠠᠷ᠎ᠠ ᠳᠤ ᠶᠠᠪᠤᠭᠳᠠᠭᠰᠠᠨ ︽ᠳᠤᠮᠳᠠᠳᠤ ᠤᠯᠤᠰ ᠤᠨ ᠠᠵᠤ ᠦᠢᠯᠡᠰ ᠤᠨ | ᠬᠥᠭᠵᠢᠯᠲᠡ ᠪᠠ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠮᠡᠳᠡᠭᠦᠯᠦᠯᠲᠡ ︵2011 ᠣᠨ︶︾ ᠶᠢᠨ ᠲᠤᠬᠠᠢ | ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠠᠩᠬ᠎ᠠ ᠳᠤᠷᠠᠳᠴᠠᠢ᠃ 2018 ᠣᠨ ᠤ 11 ᠰᠠᠷ᠎ᠠ ᠳᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠡᠯ᠎ᠡ ᠮᠤᠵᠢ ᠣᠷᠣᠨ ᠤ ᠳᠤᠮᠳᠠ ᠪᠠᠭ᠎ᠠ ᠠᠵᠤ | ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨᠡᠯᠡᠨ ᠲᠣᠭᠲᠠᠭᠠᠭᠰᠠᠨ ︽ᠲᠤᠰᠬᠠᠶᠢᠵᠢᠭᠰᠠᠨ | ᠨᠠᠷᠢᠯᠢᠭᠵᠢᠭᠰᠠᠨ ᠣᠨᠴᠠᠯᠢᠭᠲᠤ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠵᠢᠴᠢ ᠭᠤᠣᠯᠯᠠᠬᠤ ᠦᠢᠯᠡᠳᠬᠦᠨ ᠳᠤᠨᠢ | ᠰᠠᠭᠤᠷᠢᠯᠠᠵᠤ ᠨᠢᠭᠡ ᠪᠦᠯᠦᠭ ᠤᠯᠤᠰ ᠤᠨ ᠳᠡᠰ ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ | ︽ᠪᠢᠴᠢᠬᠠᠨ ᠠᠪᠤᠷᠭᠤ︾ ᠠᠵᠤ ᠠᠬᠤᠶᠢᠯᠠᠯ ᠢ ᠰᠢᠯᠭᠠᠷᠠᠭᠤᠯᠬᠤ ᠪᠠᠷ ᠲᠣᠭᠲᠠᠵᠤ᠂ 2019 ᠣᠨ ᠤ 6 ᠰᠠᠷ᠎ᠠ ᠳᠤ | ᠲᠦᠷᠦᠭᠦᠦ ᠪᠦᠯᠦᠭ ᠤᠨ ︽ᠪᠢᠴᠢᠬᠠᠨ ᠠᠪᠤᠷᠭᠤ︾ ᠠᠵᠤ ᠠᠬᠤᠶᠢᠯᠠᠯ ᠢ ᠨᠡᠶᠢᠲᠡᠯᠡᠬᠦ ᠳᠤ ᠮᠠᠨ ᠤ ᠣᠷᠣᠨ ᠠᠴᠠ | ᠭᠠᠭᠴᠠᠬᠠᠨ ᠠᠵᠤ ᠠᠬᠤᠶᠢᠯᠠᠯ ᠰᠣᠩᠭᠤᠭᠳᠠᠪᠠ᠃ ᠲᠡᠷᠡ ᠨᠢ ᠳᠠᠷᠤᠢ ᠧᠦ ᠵᠢᠩ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠤᠮᠫᠠᠨᠢ ᠪᠣᠯᠣᠨ᠎ᠠ᠃ ᠣᠳᠣᠬᠠᠨ ᠪᠤᠯᠬᠤ ᠳᠤ ᠤᠯᠤᠰ ᠠᠴᠠ ᠨᠢᠭᠡᠨᠲᠡ ᠵᠢᠷᠭᠤᠭᠠᠨ ᠪᠦᠯᠦᠭ | ᠤᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ︽ᠪᠢᠴᠢᠬᠠᠨ ᠠᠪᠤᠷᠭᠤ︾ ᠠᠵᠤ ᠠᠬᠤᠶᠢᠯᠠᠯ ᠢ | ᠰᠢᠯᠭᠠᠷᠠᠭᠤᠯᠵᠤ᠂ ︽ᠪᠢᠴᠢᠬᠠᠨ ᠠᠪᠤᠷᠭᠤ︾ ᠠᠵᠤ ᠠᠬᠤᠶᠢᠯᠠᠯ ᠨᠢᠭᠡᠨᠲᠡ ᠰᠢᠨ᠎ᠡ ᠭᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠤᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ | ᠴᠢᠬᠤᠯᠠ ᠬᠦᠴᠦᠨ ᠪᠣᠯᠪᠠ᠃ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ︾ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠶᠢᠨ ᠲᠥᠯᠥᠭᠡ᠂ ᠮᠠᠨ ᠤ ᠣᠷᠣᠨ ᠤ ᠡᠯ᠎ᠡ ᠭᠠᠵᠠᠷ ᠤᠨ ᠬᠢᠨ ᠲᠣᠳᠣᠷᠬᠠᠢ ᠮᠥᠩᠭᠦ ᠪᠦᠬᠦᠢ | ᠱᠠᠩᠨᠠᠯ ᠣᠯᠭᠤᠬᠤ ᠲᠦᠷᠦ ᠶᠢᠨ ᠪᠣᠳᠣᠯᠭ᠎ᠠ ᠶᠢ ᠲᠣᠭᠲᠠᠭᠠᠭᠰᠠᠨ ᠪᠠᠶᠢᠳᠠᠭ᠃ ᠡᠭᠦᠨ ᠳᠤ ᠥᠪᠡᠷᠲᠡᠭᠡᠨ ᠵᠠᠰᠠᠬᠤ | ᠣᠷᠣᠨ ᠤ ᠱᠠᠲᠤᠨ ᠠᠴᠠ ︽ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠭᠡᠯᠪᠡᠷᠢ ᠶᠢᠨ ᠳᠤᠮᠳᠠ ᠪᠠᠭ᠎ᠠ | ᠠᠵᠤ ᠠᠬᠤᠶᠢᠯᠠᠯ᠂ ︿ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ﹀ ᠳᠤᠮᠳᠠ ᠪᠠᠭ᠎ᠠ ᠠᠵᠤ ᠠᠬᠤᠶᠢᠯᠠᠯ | ᠪᠠ ︿ᠪᠢᠴᠢᠬᠠᠨ ᠠᠪᠤᠷᠭᠤ﹀ ᠠᠵᠤ ᠠᠬᠤᠶᠢᠯᠠᠯ ᠳᠤ ᠲᠤᠰᠪᠤᠷᠢ 20 ᠲᠦᠮᠡᠨ ᠲᠥᠭᠦᠷᠢᠭ᠂ 50 ᠲᠦᠮᠡᠨ ᠲᠥᠭᠦᠷᠢᠭ | ᠪᠠ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠤᠨ ᠮᠥᠩᠭᠦ ᠣᠯᠭᠤᠨ᠎ᠠ︾ ᠭᠡᠵᠦ | ᠲᠣᠭᠲᠠᠭᠠᠵᠠᠢ᠃ | | | |