ᠮᠠᠨ ᠤ ᠣᠷᠣᠨ ᠤ ᠠᠩᠬᠠᠳᠠᠭᠴᠢ ᠦᠵᠡᠮᠵᠢ ᠶᠢᠨ ᠣᠷᠣᠨ ᠳᠤ ᠭᠠᠳᠠᠭᠠᠳᠤ ᠵᠣᠭᠤᠰ ᠰᠣᠯᠢᠬᠤ ᠴᠡᠭ ᠠᠰᠢᠭᠯᠠᠯᠲᠠ ᠳᠤ ᠣᠷᠣᠯ᠎ᠠ
ᠨᠡᠶᠢᠲᠡᠯᠡᠭᠰᠡᠨ ᠴᠠᠭ᠄
2024/7/1
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ᠦᠵᠡᠮᠵᠢ ᠶᠢᠨ ᠣᠷᠣᠨ ᠳᠤ ᠭᠠᠳᠠᠭᠠᠳᠤ ᠵᠣᠭᠤᠰ ᠰᠣᠯᠢᠬᠤ ᠴᠡᠭ - ᠳᠣᠯᠣᠨ ᠨᠠᠭᠤᠷ ᠦᠵᠡᠮᠵᠢ ᠶᠢᠨ ᠣᠷᠣᠨ ᠤ ᠬᠢᠯᠢ ᠶᠢᠨ ᠭᠠᠳᠠᠨᠠᠬᠢ ᠵᠢᠭᠤᠯᠴᠢᠯᠠᠬᠰᠠᠳ ᠤᠨ ᠲᠣᠭᠠᠴᠠᠭ᠎ᠠ ᠬᠢᠬᠦ ᠦᠢᠯᠡᠴᠢᠯᠡᠭᠡᠨ ᠤ ᠲᠥᠪ ᠣᠶᠢᠷ᠎ᠠ ᠳᠤ  ᠠᠰᠢᠭᠯᠠᠯᠲᠠ ᠳᠤ ᠣᠷᠣᠪᠠ᠃      ᠬᠢᠯᠢ ᠶᠢᠨ ᠭᠠᠳᠠᠨᠠᠬᠢ ᠵᠢᠭᠤᠯᠴᠢᠯᠠᠬᠰᠠᠳ ᠤᠨ ᠲᠣᠭᠠᠴᠠᠭ᠎ᠠ ᠬᠢᠬᠦ ᠳᠤ ᠲᠥᠭᠦᠮ ᠦᠵᠡᠭᠦᠯᠵᠦ᠂ ᠨᠡᠩ ᠣᠯᠠᠨ ᠭᠠᠳᠠᠭᠠᠳᠤ ᠶᠢᠨ ᠵᠢᠭᠤᠯᠴᠢᠯᠠᠬᠰᠠᠳ ᠢ ᠲᠠᠲᠠᠬᠤ ᠶᠢᠨ ᠲᠥᠯᠥᠭᠡ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠣᠯ ᠠᠶᠢᠮᠠᠭ ᠤᠨ ᠬᠤᠪᠢᠶᠠᠷᠢ ᠪᠠᠩᠬᠢ ᠵᠢᠴᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠳᠣᠯᠣᠨ ᠨᠠᠭᠤᠷ ᠤᠨ ᠡᠵᠡᠩᠨᠡᠯᠲᠡ ᠬᠠᠮᠢᠶᠠᠷᠤᠯᠲᠠ ᠶᠢᠨ ᠭᠠᠵᠠᠷ ᠤᠨ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ  ᠤᠨ ᠪᠠᠩᠬᠢ ᠶᠢᠨ ᠳᠣᠯᠣᠨ ᠨᠠᠭᠤᠷ ᠰᠢᠶᠠᠨ ᠤ ᠰᠠᠯᠪᠤᠷᠢ ᠪᠠᠩᠬᠢ᠂ ᠳᠣᠯᠣᠨ ᠨᠠᠭᠤᠷ ᠦᠵᠡᠮᠵᠢ ᠶᠢᠨ ᠣᠷᠣᠨ ᠬᠠᠮᠲᠤᠷᠠᠨ ᠳᠣᠯᠣᠨ ᠨᠠᠭᠤᠷ ᠦᠵᠡᠮᠵᠢ ᠶᠢᠨ ᠣᠷᠣᠨ ᠤ ᠬᠢᠯᠢ ᠶᠢᠨ ᠭᠠᠳᠠᠨᠠᠬᠢ ᠵᠢᠭᠤᠯᠴᠢᠯᠠᠬᠰᠠᠳ ᠤᠨ ᠲᠣᠭᠠᠴᠠᠭ᠎ᠠ ᠬᠢᠬᠦ ᠦᠢᠯᠡᠴᠢᠯᠡᠭᠡᠨ ᠤ ᠲᠥᠪ ᠢ ᠪᠠᠶᠢᠭᠤᠯᠵᠠᠢ᠃ ᠲᠤᠰ ᠲᠥᠪ ᠨᠢ  ᠵᠢᠭᠤᠯᠴᠢᠯᠠᠬᠰᠠᠳ ᠲᠤ ᠭᠠᠳᠠᠭᠠᠳᠤ ᠶᠢᠨ ᠪᠠᠩᠬᠢ ᠶᠢᠨ ᠺᠠᠷᠲ ᠢᠶᠠᠷ ᠲᠣᠭᠠᠴᠠᠭ᠎ᠠ ᠬᠢᠬᠦ᠂ ᠺᠣᠳ᠋ ᠰᠢᠷᠪᠢᠵᠦ ᠲᠣᠭᠠᠴᠠᠭ᠎ᠠ ᠬᠢᠬᠦ᠂ ᠭᠠᠳᠠᠭᠠᠳᠤ ᠵᠣᠭᠤᠰ ᠰᠣᠯᠢᠬᠤ᠂ ᠪᠡᠯᠡᠨ ᠵᠣᠭᠤᠰ ᠬᠡᠷᠡᠭᠯᠡᠬᠦ ᠵᠡᠷᠭᠡ ᠶᠢ ᠬᠠᠮᠤᠷᠤᠭᠰᠠᠨ ᠣᠯᠠᠨ ᠵᠦᠢᠯ ᠤᠨ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ︽ᠶᠡᠭᠡ ᠲᠣᠭᠠᠨ ᠤ ᠵᠣᠭᠤᠰ ᠢ ᠺᠠᠷᠲ ᠢᠶᠠᠷ ᠲᠣᠭᠠᠴᠠᠭ᠎ᠠ ᠬᠢᠬᠦ᠂ ᠪᠠᠭ᠎ᠠ ᠵᠣᠭᠤᠰ ᠢ ᠺᠣᠳ᠋ ᠰᠢᠷᠪᠢᠬᠦ᠂  ᠪᠡᠯᠡᠨ ᠵᠣᠭᠤᠰ  ᠢᠶᠠᠷ ᠪᠦᠭᠦ ᠲᠣᠭᠠᠴᠠᠭ᠎ᠠ ᠬᠢᠵᠦ ᠪᠤᠯᠬᠤ︾ ᠠᠷᠭ᠎ᠠ ᠭᠡᠯᠪᠡᠷᠢ ᠶᠢ ᠤᠶᠠᠯᠳᠤᠭᠤᠯᠤᠨ ᠬᠡᠷᠡᠭᠵᠢᠭᠦᠯᠵᠦ᠂ ᠪᠦᠭᠦ ᠣᠷᠣᠨ ᠤ ᠳᠥᠭᠦᠮ ᠳᠥᠲᠡ ᠲᠡᠯᠡᠭᠡᠶᠢᠵᠢᠯᠡᠭᠰᠡᠨ ᠵᠢᠭᠤᠯᠴᠢᠯᠠᠯ ᠤᠨ ᠣᠷᠴᠢᠨ ᠨᠥᠬᠦᠴᠡᠯ ᠢ ᠪᠤᠶ ᠪᠤᠯᠭᠠᠬᠤ ᠳᠤ ᠲᠣᠯᠢᠳᠠᠵᠤ ᠪᠣᠯᠤᠮᠠᠷ ᠲᠤᠷᠰᠢᠯᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号