ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ﹀  ᠶᠢ ᠬᠡᠷᠡᠭᠵᠢᠭᠦᠯᠬᠦ ᠠᠷᠭ᠎ᠠ︾ ᠶᠢ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/1
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠣᠶᠢᠯᠠᠭᠠᠭᠰᠠᠨ  ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠶᠢ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠃      ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠨᠢ ᠨᠡᠶᠢᠲᠡ 31 ᠵᠦᠢᠯ ᠪᠠᠶᠢᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢᠨ ᠵᠢᠯᠤᠭᠤᠳᠬᠤ ᠦᠵᠡᠯ ᠰᠠᠨᠠᠭ᠎ᠠ᠂ ᠬᠡᠷᠡᠭ ᠰᠢᠢᠳᠪᠦᠷᠢᠯᠡᠬᠦ ᠳᠠᠷᠠᠭᠠᠯᠠᠯ ᠪᠠ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠡᠢ᠃ ᠲᠣᠰ ︽ᠠᠷᠭ᠎ᠠ︾ ᠳᠤ ᠬᠠᠤᠯᠢ ᠴᠠᠭᠠᠵᠠ ᠶᠢᠨ ᠭᠠᠵᠠᠷ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠭᠤᠶᠤᠴᠢᠯᠠᠯ ᠢ ᠣᠷᠣᠯᠠᠨ ᠭᠦᠢᠴᠡᠳᠬᠡᠵᠦ ᠪᠠᠶᠢᠭ᠎ᠠ ᠣᠷᠣᠨ ᠨᠤᠲᠤᠭ ᠤᠨ ᠦᠢᠯᠡᠳᠦᠯᠭᠡ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠠᠷᠠᠳ ᠣᠯᠠᠨ ᠤ ᠣᠶᠢᠷ᠎ᠠ ᠬᠠᠪᠢ ᠳᠠᠭᠠᠨ ᠵᠠᠰᠠᠭ ᠵᠠᠬᠢᠷᠭᠠᠨ ᠤ ᠳᠠᠭᠢᠨ ᠵᠥᠪᠯᠡᠬᠦ ᠭᠤᠶᠤᠴᠢᠯᠠᠯ ᠳᠡᠪᠰᠢᠭᠦᠯᠬᠦ ᠳᠤ ᠲᠥᠭᠦᠮ ᠦᠵᠡᠭᠦᠯᠭᠦ ᠶᠢᠨ ᠬᠠᠮᠲᠤ ᠭᠤᠶᠤᠴᠢᠯᠠᠯ ᠭᠠᠷᠭᠠᠬᠤ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠬᠡᠷᠡᠭ ᠢ ᠰᠢᠭᠦᠬᠦ ᠵᠡᠷᠭᠡ ᠡᠯ᠎ᠡ ᠱᠠᠲᠤᠨ ᠳᠤ ᠠᠷᠠᠳ ᠲᠤ ᠲᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠲᠣᠬᠲᠠᠭᠠᠪᠠ᠃ ᠵᠠᠰᠠᠭ ᠵᠠᠬᠢᠷᠭᠠᠨ ᠤ ᠳᠠᠭᠢᠨ ᠵᠥᠪᠯᠡᠬᠦ ᠶᠠᠪᠤᠴᠠ ᠳᠠᠬᠢ ᠡᠶᠡᠳᠡᠭᠦᠯᠭᠡ ᠳᠤ ᠬᠠᠤᠯᠢ ᠶᠣᠰᠣᠨ ᠤ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠬᠡᠷᠡᠭ ᠢ ᠰᠢᠢᠳᠪᠦᠷᠢᠯᠡᠬᠦ ᠳᠤ ᠡᠯ᠎ᠡ ᠵᠠᠩᠭᠢᠯᠠᠭ᠎ᠠ ᠶᠢᠨ ᠪᠦᠭᠦ ᠶᠠᠪᠤᠴᠠ ᠳᠤ ᠡᠶᠡᠳᠡᠭᠦᠯᠵᠦ ᠪᠤᠯᠬᠤ ᠪᠥᠭᠡᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠬᠠᠤᠯᠢ ᠴᠠᠭᠠᠵᠠ ᠶᠢᠨ ᠡᠶᠡᠳᠡᠭᠦᠯᠭᠡ ᠶᠢᠨ ᠵᠣᠯᠭᠠᠯᠳᠤᠨ ᠬᠠᠮᠵᠢᠯᠴᠠᠬᠤ ᠳᠠᠪᠠᠭᠤᠯᠢᠭ ᠢ ᠪᠠᠳᠠᠷᠠᠭᠤᠯᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠡᠶᠡᠳᠡᠭᠦᠯᠭᠡ ᠶᠢᠨ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠤ ᠰᠡᠷᠭᠡᠶᠢᠯᠡᠯᠲᠡ ᠶᠢᠨ ᠬᠡᠷᠡᠮ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠲᠤᠲᠤᠷᠬᠠᠶᠢᠯᠠᠪᠠ᠃ ᠵᠠᠰᠠᠭ ᠵᠠᠬᠢᠷᠭᠠᠨ ᠤ ᠳᠠᠭᠢᠨ ᠵᠥᠪᠯᠡᠬᠦ ᠬᠡᠷᠡᠭ ᠢ ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠰᠢᠭᠦᠨ ᠰᠢᠢᠳᠪᠦᠷᠢᠯᠡᠬᠦ ᠵᠡᠷᠭᠡ ᠠᠯᠬᠤᠮ ᠳᠠᠷᠠᠭᠠᠯᠠᠯ ᠤᠨ ᠲᠣᠭᠲᠠᠭᠠᠯ ᠢ ᠨᠠᠷᠢᠯᠢᠭᠵᠢᠭᠤᠯᠵᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠶᠢᠴᠠᠭᠠᠯᠲᠠ ᠬᠢᠵᠦ ᠭᠡᠷᠡᠴᠢ ᠠᠪᠬᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠠᠵᠢᠯᠲᠠᠨ ᠵᠠᠶᠢᠯᠠᠰᠬᠢᠬᠦ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠭᠡᠷᠡᠴᠢᠯᠡᠭᠡ ᠰᠣᠨᠣᠰᠬᠤ᠂ ᠭᠤᠶᠤᠴᠢᠯᠠᠬᠳᠠᠬᠴᠢ ᠶᠢᠨ ᠬᠠᠷᠢᠭᠤᠴᠠᠯᠭᠠᠲᠠᠨ ᠭᠡᠷᠡᠴᠢᠯᠡᠭᠡ ᠰᠣᠨᠣᠰᠬᠤ ᠳᠤ ᠣᠷᠤᠯᠴᠠᠬᠤ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠬᠡᠷᠡᠭ ᠢ ᠰᠢᠭᠦᠬᠦ ᠳᠤ ᠵᠠᠰᠠᠭ ᠵᠠᠬᠢᠷᠭᠠᠨ ᠤ ᠳᠠᠭᠢᠨ ᠵᠥᠪᠯᠡᠬᠦ ᠵᠥᠪᠯᠡᠯ ᠢᠶᠠᠷ ᠰᠠᠨᠠᠯ ᠵᠥᠪᠯᠡᠯᠭᠡ ᠳᠤᠷᠠᠳᠤᠭᠤᠯᠬᠤ ᠪᠠᠶᠢᠳᠠᠯ ᠵᠡᠷᠭᠡ ᠬᠠᠮᠢᠶ᠎ᠠ ᠪᠦᠬᠦᠢ ᠲᠣᠭᠲᠠᠭᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠬᠡᠷᠡᠭ ᠤᠨ ᠲᠥᠪ ᠭᠤᠥᠯᠴᠢ ᠴᠢᠨᠠᠷ ᠪᠠ ᠡᠷᠬᠡ ᠰᠦᠷᠲᠦ ᠴᠢᠨᠠᠷ ᠲᠤ ᠲᠠᠰ ᠳᠠᠷᠠᠭᠠᠯᠠᠯ ᠤᠨ ᠪᠠᠲᠤᠯᠠᠭ᠎ᠠ ᠬᠠᠩᠭᠠᠵᠠᠢ᠃      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠳᠤ᠂ ᠭᠤᠶᠤᠴᠢᠯᠠᠭᠴᠢ᠂ ᠭᠤᠷᠪᠠᠳᠠᠭᠢ ᠬᠥᠮᠥᠨ ᠨᠢ ᠭᠤᠶᠤᠴᠢᠯᠠᠬᠳᠠᠬᠴᠢ ᠶᠢ ᠵᠠᠰᠠᠭ ᠵᠠᠬᠢᠷᠭᠠᠨ ᠤ ᠳᠠᠭᠢᠨ ᠵᠥᠪᠯᠡᠬᠦ ᠲᠣᠭᠲᠠᠭᠠᠯ ᠤᠨ ᠪᠢᠴᠢᠭ᠂ ᠡᠶᠡᠳᠡᠭᠦᠯᠭᠡ ᠶᠢᠨ ᠪᠢᠴᠢᠭ ᠢ ᠭᠦᠢᠴᠡᠳᠬᠡᠭᠰᠡᠨ ᠦᠭᠡᠢ ᠪᠤᠶᠤ ᠪᠦᠭᠦ ᠲᠠᠯ᠎ᠠ ᠪᠠᠷ ᠭᠦᠢᠴᠡᠳᠬᠡᠭᠰᠡᠨ ᠦᠭᠡᠢ ᠭᠡᠵᠦ ᠦᠵᠡᠪᠡᠯ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠶᠢᠭᠤᠯᠭ᠎ᠠ ᠳᠤ ᠵᠠᠷᠯᠢᠭᠳᠠᠨ ᠭᠦᠢᠴᠡᠳᠬᠡᠭᠦᠯᠬᠦ ᠪᠢᠴᠢᠭ ᠤᠨ ᠭᠤᠶᠤᠴᠢᠯᠠᠯ ᠭᠠᠷᠭᠠᠵᠤ ᠪᠣᠯᠣᠨ᠎ᠠ ᠭᠡᠵᠦ ᠲᠣᠭᠲᠠᠭᠠᠵᠠᠢ᠃ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠱᠠᠯᠠᠪᠳᠠᠭᠤᠯᠬᠤ ᠲᠠᠯ᠎ᠠ ᠪᠠᠷ᠂ ᠲᠣᠰ ︽ᠠᠷᠭ᠎ᠠ︾ ᠶᠢ ᠦᠨᠳᠦᠰᠦᠯᠡᠨ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠶᠢᠭᠤᠯᠭ᠎ᠠ ᠶᠢᠨ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠬᠦ ᠦᠭᠡᠢ᠂ ᠭᠤᠶᠤᠴᠢᠯᠠᠯ ᠢ ᠨᠢᠴᠤᠭᠠᠭᠰᠠᠨ ᠪᠤᠶᠤ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ ᠵᠠᠰᠠᠭ ᠵᠠᠬᠢᠷᠭᠠᠨ ᠤ ᠳᠠᠭᠢᠨ ᠵᠥᠪᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠬᠠᠷᠢᠭᠤ ᠥᠭᠬᠦ ᠦᠭᠡᠢ ᠵᠢᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢ ᠳᠣᠷᠭᠤᠨ ᠵᠣᠭᠰᠣᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢ ᠭᠤᠶᠤᠴᠢᠯᠠᠭᠴᠢ᠂ ᠭᠤᠷᠪᠠᠳᠠᠭᠢ ᠬᠥᠮᠥᠨ ᠳᠡᠭᠡᠳᠦ ᠱᠠᠲᠤᠨ ᠤ ᠵᠠᠰᠠᠭ ᠵᠠᠬᠢᠷᠭᠠᠨ ᠤ ᠳᠠᠭᠢᠨ ᠵᠥᠪᠯᠡᠬᠦ ᠪᠠᠶᠢᠭᠤᠯᠭ᠎ᠠ ᠳᠤ ᠬᠢᠨᠠᠯᠲᠠ ᠲᠠᠯᠪᠢᠭᠤᠯᠬᠤ ᠪᠠᠷ ᠭᠤᠶᠤᠴᠢᠯᠠᠵᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号