ᠦᠴᠦᠸᠠᠨ ᠰᠢᠶᠠᠨ ᠤ ᠪᠣᠭᠤᠮᠲᠠ ᠶᠢᠨ ᠭᠠᠳᠠᠨᠠᠬᠢ ᠠᠭᠤᠯᠠᠨ ᠴᠠᠢ ᠦᠢᠯᠡᠳᠬᠦ ᠤᠷ᠎ᠠ ᠮᠡᠷᠭᠡᠵᠢᠯ ᠤᠨ ᠦᠵᠡᠭᠦᠯᠭᠡ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/7/10
     7 ᠰᠠᠷ᠎ᠠ ᠶᠢᠨ 9 ᠤ ᠡᠳᠦᠷ᠂ ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠦᠴᠦᠸᠠᠨ ᠰᠢᠶᠠᠨ ᠤ ᠱᠧᠩ ᠶᠤᠸᠠᠨ ᠠᠭᠤᠯᠠᠨ ᠴᠠᠢ ᠶᠢᠨ ᠲᠤᠰᠬᠠᠢ ᠬᠤᠷᠰᠢᠶ᠎ᠠ ᠶᠢᠨ ᠳᠠᠭᠠᠭᠠᠴᠢᠯᠠᠨ ᠡᠷᠬᠢᠯᠡᠭᠰᠡᠨ ︽ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ ᠳᠤᠮᠳᠠᠳᠤ ᠶᠢᠨ ᠰᠢᠯᠢᠳᠡᠭ ᠤᠯᠠᠮᠵᠢᠯᠠᠯ ᠢ ᠪᠠᠳᠠᠷᠠᠭᠤᠯᠤᠶ᠎ᠠ︾ ᠭᠡᠬᠦ ᠭᠤᠣᠯ ᠰᠡᠳᠦᠪᠲᠦ ᠪᠣᠭᠤᠮᠲᠠ ᠶᠢᠨ ᠭᠠᠳᠠᠨᠠᠬᠢ ᠠᠭᠤᠯᠠᠨ ᠴᠠᠢ ᠶᠢᠨ ᠤᠷ᠎ᠠ ᠮᠡᠷᠭᠡᠵᠢᠯ ᠤᠨ ᠦᠵᠡᠭᠦᠯᠦᠯᠭᠡ ᠶᠢᠨ ᠠᠵᠢᠯᠯᠠᠭ᠎ᠠ ᠬᠠᠷᠠᠭᠤᠯ ᠪᠠᠯᠭᠠᠰᠤᠨ ᠤ ᠳ᠋ᠧ ᠱᠧᠩ ᠶᠢᠩ ᠲᠣᠰᠬᠤᠨ ᠳᠤ ᠶᠠᠪᠤᠭᠳᠠᠪᠠ᠃
     ᠣᠶᠢᠯᠠᠭᠠᠭᠰᠠᠨ ᠢᠶᠠᠷ᠂ ᠪᠣᠭᠤᠮᠲᠠ ᠶᠢᠨ ᠭᠠᠳᠠᠨᠠᠬᠢ ᠠᠭᠤᠯᠠᠨ ᠴᠠᠢ ᠨᠢ ᠨᠡᠷᠡᠨ ᠤ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠪᠠᠶᠢᠳᠠᠭ ᠥᠪᠥᠷ ᠮᠣᠩᠭᠤᠯ ᠤᠨ ᠦᠴᠦᠸᠠᠨ ᠳᠤ ᠣᠷᠭᠤᠳᠠᠭ᠂ ᠠᠳᠡᠬᠢ ᠴᠠᠭ ᠠᠭᠤᠷ ᠨᠢ ᠴᠠᠢ ᠶᠢᠨ ᠣᠯᠠᠨ ᠹᠧᠨᠤᠯ ᠪᠠ ᠦᠨᠦᠷᠲᠦ ᠪᠣᠳᠠᠰ ᠤᠨ ᠪᠦᠷᠢᠯᠳᠦᠯ ᠳᠤ ᠠᠰᠢᠭᠲᠠᠢ ᠶᠤᠮ᠃ ᠠᠭᠤᠯᠠᠨ ᠴᠠᠢ ᠶᠢᠨ ᠨᠠᠪᠴᠢ ᠨᠢ ᠵᠤᠵᠠᠭᠠᠨ᠂ ᠴᠢᠢᠯᠡᠬᠦ ᠳᠤ ᠲᠡᠰᠪᠦᠷᠢᠲᠡᠢ᠂ ᠠᠮᠲᠠ ᠨᠢ ᠥᠳᠬᠡᠨ᠂ ᠰᠣᠷᠭᠤᠭ᠂ ᠲᠤᠩᠭᠠᠯᠠᠭ᠂ ᠤᠳᠠᠭᠠᠨ ᠳᠠᠭᠠᠭᠠᠮᠠᠭᠠᠢ ᠪᠠᠶᠢᠳᠠᠭ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠣᠯᠠᠨ ᠲᠦᠮᠡᠨ ᠳᠤ ᠴᠠᠢ ᠲᠡᠭᠦᠬᠦ ᠶᠠᠪᠤᠴᠠ ᠶᠢ ᠪᠡᠶᠡᠴᠢᠯᠡᠨ ᠣᠶᠢᠯᠠᠭᠠᠭᠤᠯᠵᠤ᠂ ᠴᠠᠢ ᠲᠡᠭᠦᠬᠦ ᠪᠠᠶᠠᠷ ᠪᠠᠭ᠋ᠠᠳᠤᠯ ᠢ ᠲᠤᠬᠠᠢ ᠶᠢᠨ ᠭᠠᠵᠠᠷ ᠲᠤᠨᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠤᠷᠰᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠪᠠᠷ ᠳᠠᠮᠵᠢᠭᠤᠯᠤᠨ᠂ ᠠᠭᠤᠯᠠᠨ ᠴᠠᠢ ᠶᠢᠨ ᠦᠢᠯᠡᠳᠬᠡᠯ ᠤᠨ ᠤᠷ᠎ᠠ ᠮᠡᠷᠭᠡᠵᠢᠯ ᠢ ᠨᠠᠩ ᠣᠯᠠᠨ ᠬᠥᠮᠥᠨ ᠳᠤ ᠲᠠᠨᠢᠭᠤᠯᠤᠨ ᠰᠢᠨ᠎ᠡ ᠰᠣᠷᠭᠤᠭ ᠨᠠᠪᠴᠢ ᠶᠢᠨ ᠳᠡᠯᠭᠡᠨ ᠲᠠᠯᠪᠢᠬᠤ᠂ ᠴᠢᠬᠢᠭ ᠢ ᠨᠢ ᠭᠠᠷᠭᠠᠬᠤ᠂ ᠰᠡᠷᠢᠭᠦᠴᠡᠭᠦᠯᠬᠦ᠂ ᠳᠤᠯᠠᠭᠠᠨ ᠢ ᠨᠡᠮᠡᠬᠦ ᠵᠡᠷᠭᠡ ᠨᠠᠷᠢᠨ ᠪᠤᠳᠤᠯᠢᠶᠠᠨᠲᠠᠢ ᠠᠵᠢᠯ ᠤᠨ ᠳᠠᠷᠠᠭᠠᠯᠠᠯ ᠢ ᠣᠶᠢᠯᠠᠭᠠᠭᠤᠯᠪᠠ᠃ ᠡᠭᠦᠨ ᠤ ᠬᠠᠮᠲᠤ᠂ ᠵᠣᠬᠢᠶᠠᠯᠴᠢ ᠳ᠋ᠧᠩ ᠵᠢᠦ ᠭᠠᠩ ᠪᠠᠭᠰᠢ ᠶᠢᠨ ᠲᠠᠶᠢᠯᠤᠮᠵᠢ ᠨᠢ ᠣᠯᠠᠨ ᠳᠤ ᠳᠤᠮᠳᠠᠳᠤ ᠤᠯᠤᠰ ᠤᠨ ᠴᠠᠢ ᠶᠢᠨ ᠰᠣᠶᠣᠯ ᠤᠨ ᠲᠡᠦᠬᠡ ᠶᠢ ᠣᠶᠢᠯᠠᠭᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠦᠨᠡᠨ ᠬᠦ ᠣᠶᠢᠯᠠᠭᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭᠲᠦ ᠶᠢ ᠪᠣᠶ ᠪᠣᠯᠭᠠᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃      ᠲᠣᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠡᠯᠪᠡᠭ ᠪᠠᠶᠠᠯᠢᠭ ᠠᠭᠤᠯᠤᠭᠳᠠᠬᠤᠨ ᠪᠠ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠬᠥᠮᠥᠰ ᠤᠨ ᠤᠯᠠᠮᠵᠢᠯᠠᠯᠲᠤ ᠰᠣᠶᠣᠯ ᠢ ᠠᠩᠬᠠᠷᠤᠨ ᠴᠢᠬᠤᠯᠠᠴᠢᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠠᠵᠢᠯ ᠤᠨ ᠭᠦᠨᠵᠡᠭᠡᠢ ᠥᠷᠨᠢᠬᠦ ᠶᠢ ᠠᠬᠢᠭᠤᠯᠵᠤ᠂ ᠨᠠᠩ ᠣᠯᠠᠨ ᠬᠥᠮᠥᠨ ᠳᠤ ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠭᠤᠯᠤᠨ ᠲᠠᠨᠢᠭᠤᠯᠵᠤ᠂ ᠤᠯᠠᠮᠵᠢᠯᠠᠯᠲᠤ ᠰᠣᠶᠣᠯ ᠢ ᠣᠲᠣ ᠦᠶ᠎ᠡ ᠳᠤ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠬᠤ ᠶᠢᠨ ᠲᠥᠯᠥᠭᠡ ᠶᠤᠮ᠃  ︵ᠰᠤᠷᠪᠤᠯᠵᠢᠯᠠᠭᠴᠢ᠄ ᠯᠢᠦ ᠪᠠᠢ ᠢᠦᠢ ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号