ᠮᠠᠨ ᠤ ᠣᠷᠣᠨ 2.2 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/7/10
     ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠵᠤ ᠲᠠᠷᠬᠠᠭᠠᠭᠰᠠᠨ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠡᠨᠡ ᠵᠢᠯ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠨᠡᠶᠢᠲᠡ 2.2 ᠭᠠᠷᠤᠢ ᠳ᠋ᠦᠩᠰᠢᠭᠤᠷ ᠲᠥᠭᠦᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠠᠶᠢᠨ᠎ᠠ᠃      ᠮᠠᠨ ᠤ ᠣᠷᠣᠨ 7505 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠬᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠯ ᠵᠢᠭᠦᠷᠲᠡᠨ ᠤ ᠡᠭᠦᠯᠳᠡᠷ ᠢ ᠬᠠᠮᠠᠭᠠᠯᠠᠬᠤ ᠲᠠᠯᠠᠪᠠᠢ ᠳᠤ ᠨᠥᠬᠦᠪᠦᠷᠢ ᠥᠭᠬᠦ᠂ ᠦᠷ᠎ᠡ ᠡᠳ᠋ ᠤᠨ ᠡᠬᠢ ᠪᠠᠶᠠᠯᠢᠭ ᠢ ᠬᠢᠨᠠᠨ ᠲᠣᠭᠲᠠᠭᠠᠵᠤ ᠦᠨᠡᠯᠡᠬᠦ᠂ ᠦᠢᠯᠡᠳᠪᠦᠷᠢᠯᠡᠯ ᠤᠨ ᠴᠢᠳᠠᠪᠬᠢ ᠶᠢ ᠬᠡᠮᠵᠢᠨ ᠲᠣᠭᠲᠠᠭᠠᠬᠤ ᠵᠡᠷᠭᠡ ᠳᠤ ᠬᠡᠷᠡᠭᠯᠡᠪᠡ᠃ ᠪᠠᠰᠠ ᠣᠲᠣ ᠦᠶ᠎ᠡ ᠶᠢᠨ ᠡᠭᠦᠯᠳᠡᠷ ᠪᠣᠶᠢᠵᠢᠭᠤᠯᠬᠤ ᠰᠢᠰᠲ᠋ᠧᠮ ᠢ ᠪᠠᠶᠢᠭᠤᠯᠵᠤ᠂ 5365 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠡᠭᠦᠯᠳᠡᠷ ᠪᠣᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ᠂ ᠰᠢᠨ᠎ᠡ ᠪᠠᠷ ᠬᠢᠨᠠᠨ ᠲᠣᠭᠲᠠᠭᠠᠭᠰᠠᠨ ᠮᠠᠯ ᠵᠢᠭᠦᠷᠲᠡᠨ ᠤ ᠡᠭᠦᠯᠳᠡᠷ ᠤᠨ ᠱᠠᠩᠨᠠᠯ᠂ ᠡᠭᠦᠯᠳᠡᠷ ᠤᠨ ᠲᠤᠷᠰᠢᠯᠲᠠ᠂ ᠡᠭᠦᠯᠳᠡᠷ ᠪᠣᠶᠢᠵᠢᠭᠤᠯᠬᠤ ᠲᠣᠮᠣ ᠰᠢᠶᠠᠨ ᠳᠤ ᠱᠠᠩᠨᠠᠯ ᠣᠯᠭᠤᠬᠤ ᠵᠡᠷᠭᠡ ᠳᠤ ᠬᠡᠷᠡᠭᠯᠡᠪᠡ᠃ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ 9380 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠵᠤ᠂ ᠭᠤᠣᠯᠳᠠᠯᠭ᠎ᠠ ᠲᠠᠢ ᠡᠭᠦᠯᠳᠡᠷ ᠢ ᠳᠡᠯᠭᠡᠷᠡᠭᠦᠯᠬᠦ᠂ ᠬᠤᠸᠠ ᠰᠢ ᠦᠬᠡᠷ᠂ ᠴᠠᠭᠠᠨ ᠦᠬᠡᠷ ᠤᠨ ᠡᠭᠦᠯᠳᠡᠷ ᠢ ᠳᠡᠯᠭᠡᠷᠡᠭᠦᠯᠬᠦ᠂ ᠦᠷ᠎ᠡ ᠰᠣᠩᠭᠤᠬᠤ ᠲᠠᠪᠴᠠᠩ ᠤᠨ ᠪᠠᠶᠢᠭᠤᠯᠤᠯᠲᠠ ᠵᠡᠷᠭᠡ ᠳᠤ ᠬᠡᠷᠡᠭᠯᠡᠪᠡ᠃      ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠦᠷᠭᠦᠯᠵᠢᠯᠡᠨ ︽ᠦᠷ᠎ᠡ ᠡᠭᠦᠯᠳᠡᠷ  ᠢ ᠬᠠᠮᠠᠭᠠᠯᠠᠬᠤ᠂ ᠦᠷ᠎ᠡ ᠡᠭᠦᠯᠳᠡᠷ ᠪᠣᠶᠢᠵᠢᠭᠤᠯᠬᠤ᠂ ᠦᠷ᠎ᠡ ᠡᠭᠦᠯᠳᠡᠷ ᠬᠡᠷᠡᠭᠯᠡᠬᠦ︾ ᠵᠡᠷᠭᠡ ᠵᠠᠩᠭᠢᠯᠠᠭ᠎ᠠ ᠶᠢᠨ ᠭᠤᠭᠴᠤᠭ᠎ᠠ ᠪᠣᠯᠣᠨ ︽ᠭᠠᠵᠠᠷ᠂ ᠤᠰᠤ᠂ ᠦᠷ᠎ᠡ᠂ ᠠᠮᠤ ᠪᠤᠳᠠᠭ᠎ᠠ᠂ ᠮᠢᠬ᠎ᠠ᠂ ᠰᠦ︾ ᠵᠡᠷᠭᠡ 6 ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠡᠵᠡᠮᠳᠡᠵᠦ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ ᠦᠷ᠎ᠡ ᠶᠢᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠭᠴᠤᠭ᠎ᠠ ᠶᠢᠨ ᠪᠦᠭᠦ ᠬᠡᠯᠬᠢᠶ᠎ᠡ ᠪᠠᠷ ᠬᠥᠭᠵᠢᠬᠦ ᠶᠢ ᠠᠬᠢᠭᠤᠯᠵᠤ᠂ ᠨᠠᠩ ᠣᠯᠠᠨ ᠰᠢᠯᠢᠳᠡᠭ ᠡᠭᠦᠯᠳᠡᠷ ᠢ ᠪᠣᠶᠢᠵᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠬᠦᠴᠦᠲᠡᠢ ᠪᠡᠯᠡ ᠮᠥᠩᠭᠦᠨ ᠤ ᠳᠡᠮᠵᠢᠯᠭᠡ ᠬᠠᠩᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号