ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/7/10
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 8 ᠤ ᠴᠠᠭᠢᠯᠭᠠᠨ ᠮᠡᠳᠡᠭᠡ  7 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠬᠠᠮᠲᠤ ᠶᠢᠨ ᠲᠠᠨᠢᠯᠲᠠ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠤᠯᠤᠰ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠪᠦᠲᠥᠮᠵᠢ ᠣᠯᠪᠠ᠃ ᠳᠤᠮᠳᠠᠳᠤ ᠤᠯᠤᠰ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠢᠶᠠᠷ ᠳᠠᠮᠵᠢᠭᠤᠯᠤᠨ᠂ ᠡᠯ᠎ᠡ ᠲᠠᠯ᠎ᠠ ᠶᠢᠨ  ᠬᠢᠨ ᠲᠠᠢ ᠪᠣᠬᠢᠷᠳᠤᠯ ᠦᠭᠡᠢ ᠬᠥᠭᠵᠢᠯᠲᠡ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠪᠣᠯᠣᠨ ᠣᠷᠣᠨ ᠪᠦᠰᠡ ᠶᠢᠨ ᠬᠠᠮᠲᠤᠷᠠᠯᠴᠠᠭᠠᠨ ᠤ ᠬᠡᠪ ᠳᠠᠭᠤᠷᠢᠶᠠᠯ ᠮᠥᠨ᠃ ᠣᠶᠢᠷ᠎ᠠ ᠳᠤ᠂ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠪᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ︽ᠱᠠᠩᠬᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠠᠮᠲᠤ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃      ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠲᠤᠰ ᠡᠳᠦᠷ ᠱᠠᠨᠳᠦ᠋ᠩ ᠮᠤᠵᠢ ᠶᠢᠨ ᠴᠢᠩᠳᠣᠣ ᠬᠤᠳᠠ ᠳᠤ ᠡᠬᠢᠯᠡᠪᠡ᠂ ︽ᠭᠠᠷ ᠬᠤᠯᠪᠣᠨ ᠪᠣᠬᠢᠷᠳᠤᠯ ᠦᠭᠡᠢ ᠬᠥᠭᠵᠢᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭᠠᠨ ᠤ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠱᠠᠨᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠭᠠᠵᠠᠷ ᠬᠠᠮᠲᠤᠷᠠᠨ ᠭᠤᠣᠯᠯᠠᠨ ᠡᠷᠭᠢᠯᠡᠪᠡ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号