ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠶᠠᠪᠤᠭᠤᠯᠪᠠ  ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠳᠤᠭ ᠣᠯᠭᠤᠵᠠᠢ
ᠨᠡᠶᠢᠲᠡᠯᠡᠭᠰᠡᠨ ᠴᠠᠭ᠄
2024/7/10
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ   ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠤᠢ ᠶᠢᠨ ᠲᠠᠰᠢᠷᠠᠮ ᠢᠶᠠᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 9 ᠤ ᠡᠳᠦᠷ ᠪᠡᠭᠡᠵᠢᠩ ᠳᠤ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠳᠤ ᠱᠠᠩᠨᠠᠯ ᠤᠨ ᠲᠤᠭ ᠣᠯᠭᠤᠪᠠ᠃
      7 ᠰᠠᠷ᠎ᠠ ᠶᠢᠨ 9 ᠤ ᠡᠳᠦᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ ᠢ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠤᠯᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ︽ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨᠨᠢᠭᠡᠳᠦᠭᠡᠷ ᠪᠠᠲᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠭᠰᠠᠨ ᠪᠥᠭᠡᠳ ᠲᠤᠰ ᠰᠤᠮᠤᠨ ᠤ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠲᠠᠢ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃                      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ      ︽8 · 1︾ ᠲᠣᠮᠣ ᠠᠰᠠᠷ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠣᠨ ᠪᠢᠴᠢᠭ ᠤᠨ ᠲᠤᠰᠢᠶᠠᠯᠲᠠᠨ ᠤ ᠲᠥᠯᠥᠭᠡᠯᠡᠭᠴᠢ ᠲᠡᠷᠢ ᠲᠡᠭᠰᠢ ᠵᠢᠭᠰᠠᠵᠤ᠂ ᠠᠭᠤᠷ ᠠᠮᠢᠰᠬᠤᠯ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨ ᠲᠠᠢ ᠪᠠᠶᠢᠯ᠎ᠠ᠃ ᠦᠳᠡ ᠶᠢᠨ ᠬᠤᠶᠢᠨᠠᠬᠢ 3 ᠴᠠᠭ 30 ᠮᠢᠨᠦ᠋ᠲ ᠤᠨ ᠦᠶ᠎ᠡ ᠪᠠᠷ᠂ 18 ᠶᠣᠰᠣᠯᠠᠯ ᠤᠨ ᠴᠡᠷᠢᠭ ᠲᠥᠪ ᠠᠯᠬᠤᠮ ᠢᠶᠠᠷ ᠲᠠᠯᠠᠪᠠᠢ ᠳᠤ ᠠᠯᠬᠤᠨ ᠣᠷᠣᠵᠤ᠂ ᠫᠤᠤ ᠠᠳᠬᠤᠨ ᠬᠤᠶᠠᠷ ᠲᠠᠯ᠎ᠠ ᠪᠠᠷ ᠵᠣᠭᠰᠣᠵᠤ᠂ ᠴᠣᠯᠠ ᠣᠯᠭᠤᠬᠤ ᠶᠣᠰᠣᠯᠠᠯ ᠡᠬᠢᠯᠡᠬᠦ ᠳᠤ ᠲᠠᠯᠠᠪᠠᠢ ᠳᠠᠶᠠᠭᠠᠷ ᠢᠶᠠᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠭᠤᠬᠤ ᠵᠠᠷᠯᠢᠭ ᠢ ᠤᠩᠰᠢᠨ ᠨᠡᠶᠢᠲᠡᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠶᠣᠰᠣᠯᠠᠯ ᠢ ᠡᠷᠭᠢᠯᠡᠪᠡ᠃      ᠢᠳᠡ ᠬᠦᠴᠦᠲᠡᠢ ︽ᠠᠷᠠᠳ ᠤᠨ ᠴᠡᠷᠢᠭ ᠠᠩᠭᠢ ᠨᠠᠮ ᠳᠠᠭᠠᠨ ᠦᠨᠡᠨᠴᠢ︾ ᠭᠡᠬᠦ ᠬᠥᠭᠵᠢᠮ ᠤᠨ ᠳᠤᠮᠳᠠ᠂ ᠰᠢ ᠶᠢᠨ ᠫᠢᠩ ︽ᠲᠡᠶᠢᠷᠦᠯᠲᠦ ᠶᠡᠭᠡ ᠫᠤᠤᠲᠤ ᠴᠡᠷᠢᠭ ᠤᠨ ᠵᠢᠱᠢᠶᠡᠴᠢ ᠰᠤᠮᠤ︾ ᠭᠡᠬᠦ ᠢᠷᠠᠭᠤ ᠠᠯᠳᠠᠷ ᠤᠨ ᠴᠣᠯᠠ ᠭᠥᠷᠳᠡᠭᠰᠡᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠨᠢᠭᠡᠳᠦᠭᠡᠷ ᠪᠠᠲᠯᠢᠶᠤᠨ ᠤ ᠬᠤᠶᠠᠳᠤᠭᠠᠷ ᠰᠤᠮᠤ ᠳᠤ ᠱᠠᠩᠨᠠᠯ ᠤᠨ ᠲᠤᠭ ᠣᠯᠭᠤᠪᠠ᠃ ᠰᠤᠮᠤᠨ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠰᠢ ᠶᠢᠨ ᠫᠢᠩ ᠳᠤ ᠶᠣᠰᠣᠯᠠᠵᠤ᠂ ᠱᠠᠩᠨᠠᠯ ᠤᠨ ᠲᠤᠭ ᠢ ᠲᠥᠪ ᠴᠢᠩᠭ᠎ᠠ ᠪᠠᠷ ᠲᠤᠰᠴᠤ ᠠᠪᠤᠪᠠ᠃ ᠰᠢ ᠶᠢᠨ ᠫᠢᠩ ᠲᠡᠳᠡᠨ ᠳᠤ ᠳᠣᠲᠣᠨᠣ ᠮᠡᠨᠳᠦᠴᠢᠯᠡᠯ ᠬᠦᠷᠭᠡᠵᠦ᠂ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃      ᠴᠣᠯᠠ ᠣᠯᠭᠤᠬᠤ ᠶᠣᠰᠣᠯᠠᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠬᠠᠩᠭᠢᠨᠠᠮ᠎ᠠ ᠰᠠᠶᠢᠬᠠᠨ ᠴᠡᠷᠢᠭ ᠤᠨ ᠳᠠᠭᠤᠤ ᠶᠢᠨ ᠳᠤᠮᠳᠠ ᠲᠡᠭᠦᠰᠪᠡ᠃      ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠢᠷᠠᠭᠤ ᠠᠯᠳᠠᠷ ᠤᠨ ᠴᠣᠯᠠ ᠣᠯᠣᠭᠰᠠᠨ ᠨᠢᠭᠡᠴᠢ ᠶᠢᠨ ᠲᠥᠯᠥᠭᠡᠯᠡᠭᠴᠢᠳ ᠶᠣᠰᠣᠯᠠᠯ ᠳᠤ ᠣᠷᠣᠯᠴᠠᠵᠠᠢ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号