ᠬᠠᠳᠠ ᠮᠠᠨ ᠤ ᠰᠢᠶᠠᠨ ᠤ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠮᠠᠨ ᠤ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠬᠠᠳᠠ ᠤᠷᠢᠳ ᠬᠤᠵᠢᠳ ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠬᠤᠸᠠ ᠯᠠᠢ ᠱᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠶᠢᠨ ᠼᠤᠤ ᠶᠤᠸᠠᠨ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠥᠪᠥᠷ ᠮᠣᠩᠭᠤᠯ ᠤᠨ ᠶᠠᠨ ᠴᠤᠸᠠᠨ ᠶᠤᠸᠠᠨ ᠭᠤᠯᠢᠷ ᠠᠮᠤ ᠲᠣᠰᠣᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠫᠦ᠋ ᠵᠧᠨ ᠢᠳᠡᠭᠡᠨ ᠤ ᠬᠢᠵᠠᠭᠠᠷᠲᠤ ᠺᠣᠮᠫᠠᠨᠢ᠂ ᠮᠦ ᠶᠤᠸᠠᠨ ᠴᠠᠭᠠᠨ ᠢᠳᠡᠭᠡ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ᠂ ᠰᠢᠩ ᠨᠦᠩ ᠲᠠᠢ ᠬᠤᠸᠠ ᠣᠷᠭᠠᠨᠢᠭ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠤᠮᠠᠷᠠᠲᠤ ᠸᠧᠢ ᠤᠯᠤᠰ ᠤᠨ ᠮᠦᠽᠧᠢ ᠵᠡᠷᠭᠡ ᠭᠠᠵᠠᠷ ᠲᠤ ᠬᠦᠷᠴᠦ᠂ ᠲᠥᠷᠥᠯ ᠵᠦᠢᠯ ᠤᠨ ᠲᠥᠯᠦᠪᠵᠢᠭᠦᠯᠭᠡ᠂ ᠪᠠᠷᠢᠯᠭ᠎ᠠ ᠶᠢᠨ ᠠᠬᠢᠴᠠ᠂ ᠠᠰᠢᠭᠯᠠᠯᠲᠠ ᠳᠤ ᠣᠷᠣᠭᠤᠯᠬᠤ ᠪᠡᠯᠡᠳᠬᠡᠯ᠂ ᠦᠢᠯᠡᠳᠪᠦᠷᠢᠯᠡᠯ ᠤᠨ ᠴᠢᠳᠠᠪᠤᠷᠢ ᠠᠰᠢᠭ ᠣᠷᠣᠯᠭ᠎ᠠ᠂ ᠠᠶᠤᠯᠭᠦᠢ ᠦᠢᠯᠡᠳᠪᠦᠷᠢᠯᠡᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ  ᠲᠤᠨᠢ ᠣᠶᠢᠯᠠᠭᠠᠵᠤ᠂ ᠲᠥᠷᠥᠯ ᠵᠦᠢᠯ ᠤᠨ ᠬᠠᠷᠢᠭᠤᠴᠠᠯᠭᠠᠲᠠᠨ ᠠᠴᠠ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠬᠠᠮᠢᠶ᠎ᠠ ᠪᠦᠬᠦᠢ ᠠᠰᠠᠭᠤᠳᠠᠯ ᠳᠤ ᠴᠢᠭᠯᠡᠭᠦᠯᠦᠨ ᠲᠤᠬᠠᠢ ᠶᠢᠨ ᠭᠠᠵᠠᠷ ᠲᠤᠨᠢ ᠠᠵᠢᠯᠯᠠᠪᠠ᠃      ᠬᠠᠳᠠ ᠴᠢᠬᠤᠯᠠᠴᠢᠯᠠᠬᠤ ᠳᠠᠭᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠠ ᠰᠢᠪᠲᠤᠯᠤᠯᠲᠠ ᠶᠢᠨ ᠴᠡᠭ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠲᠥᠷᠥᠯ ᠵᠦᠢᠯ ᠢ ᠶᠡᠭᠡ ᠪᠠᠷ ᠠᠳᠬᠤᠬᠤ᠂ ᠶᠡᠭᠡ ᠲᠥᠷᠥᠯ ᠵᠦᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠠᠷᠢᠯᠢᠭᠵᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ︽ᠵᠢᠷᠤᠭ ᠡᠯᠭᠦᠨ ᠠᠵᠢᠯᠯᠠᠬᠤ︾ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠶᠠᠰᠤ ᠴᠢᠨᠠᠷ ᠤᠨ ᠤᠬᠠᠮᠰᠠᠷ᠂ ᠠᠮᠤᠷ ᠲᠦᠪᠰᠢᠨ ᠤ ᠤᠬᠠᠮᠰᠠᠷ ᠢ ᠪᠠᠲᠤ ᠪᠤᠢ ᠪᠣᠯᠭᠠᠵᠤ᠂ ᠠᠬᠢᠴᠠ ᠶᠢ ᠠᠳᠬᠤᠬᠤ ᠪᠠ ᠶᠠᠰᠤ ᠴᠢᠨᠠᠷ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠥᠨᠳᠥᠷ ᠭᠠᠷᠤᠭ᠎ᠠ ᠠᠴᠠ ᠪᠠᠶᠢᠷᠢ ᠲᠣᠭᠲᠠᠭᠠᠬᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠠᠬᠢᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠰᠣᠳᠣᠨ ᠢᠨᠵᠧᠨᠧᠷᠢᠩ ᠢ ᠴᠢᠷᠮᠠᠶᠢᠨ ᠪᠠᠶᠢᠭᠤᠯᠬᠤ ᠬᠡᠷᠡᠭᠲᠡᠢ᠃ ᠲᠦᠷᠦᠯ ᠵᠦᠢᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠢ ᠳᠡᠭᠡᠭᠰᠢᠯᠡᠭᠦᠯᠦᠨ ᠥᠭᠡᠷᠡᠴᠢᠯᠡᠬᠦ ᠪᠠ ᠠᠮᠢ ᠠᠬᠤᠢ ᠶᠢᠨ ᠨᠣᠭᠤᠭᠠᠷᠠᠭᠤᠯᠤᠯᠲᠠ ᠶᠢ ᠵᠡᠷᠭᠡᠪᠡᠷ ᠠᠬᠢᠭᠤᠯᠵᠤ᠂ ᠲᠦᠷᠦᠯ ᠵᠦᠢᠯ ᠢ ᠬᠤᠳᠠ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠠᠭᠤᠰᠤᠯᠴᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠰᠢᠶᠧ ᠴᠢᠦᠢ ᠫᠢᠩ᠂ ᡁᠢ ᠵᠢᠶᠠᠨ ᠭᠠᠩ᠂ ᠯᠢ ᠬᠤᠢ᠂ ᠵᠠᠩ ᠵᠢᠶᠧ᠂ ᠯᠢ ᠳ᠋ᠧᠩ ᠬᠤᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号