7 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ | ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ | ᠰᠡᠲᠡᠷᠡᠭᠰᠡᠨ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 6 ᠰᠠᠷ᠎ᠠ ᠶᠢᠨ 27 ᠤ ᠡᠳᠦᠷ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ | ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠤᠯᠤᠰ ᠪᠦᠬᠦ ᠲᠠᠯ᠎ᠠ ᠪᠠᠷ ᠦᠶᠡᠷ ᠤᠨ | ᠬᠤᠭᠤᠴᠠᠭᠠᠨ ᠳᠤ ᠣᠷᠣᠵᠤ᠂ ᠦᠶᠡᠷ ᠢ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠢ ᠪᠣᠯᠵᠤ ᠪᠠᠶᠢᠨ᠎ᠠ᠃ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ᠂ ᠦᠶᠡᠷ ᠲᠠᠢ ᠲᠡᠮᠡᠴᠡᠬᠦ᠂ | ᠠᠶᠤᠯ ᠠᠴᠠ ᠠᠪᠤᠷᠠᠬᠤ᠂ ᠭᠠᠮᠰᠢᠭ ᠠᠴᠠ ᠠᠪᠤᠷᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠭᠤᠯᠠᠨ | ᠦᠶᠡᠷ ᠤᠨ ᠭᠠᠮᠰᠢᠭ᠂ ᠭᠠᠵᠠᠷ ᠤᠨ ᠭᠠᠮᠰᠢᠭ᠂ ᠬᠤᠳᠠ ᠶᠢᠨ ᠤᠰᠤᠲᠤᠯ ᠤᠨ ᠭᠤᠣᠯᠳᠠᠯᠭ᠎ᠠ ᠲᠠᠢ ᠣᠷᠣᠨ ᠪᠦᠰᠡ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠣᠯ ᠮᠥᠷᠡᠨ ᠨᠠᠭᠤᠷ ᠴᠥᠭᠦᠷᠥᠮ᠂ ᠭᠤᠣᠯ ᠤᠨ ᠵᠠᠮ᠂ ᠬᠠᠰᠢᠯᠭ᠎ᠠ᠂ | ᠦᠯᠡᠳᠡᠭᠳᠡᠯ ᠬᠦᠳᠡᠷ ᠤᠨ ᠬᠥᠮᠥᠷᠭᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠣᠯᠳᠠᠯᠭ᠎ᠠ ᠲᠠᠢ | ᠬᠡᠰᠡᠭ ᠤᠨ ᠲᠤᠬᠠᠢ ᠶᠢᠨ ᠲᠠᠯᠠᠪᠤᠷ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠠᠶᠤᠯ | ᠲᠦᠭᠰᠢᠭᠦᠷᠢ ᠶᠢ ᠡᠷᠡᠰ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ | ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ᠂ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ | ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ | ᠤᠶᠠᠯᠳᠤᠭᠤᠯᠵᠤ᠂ ᠮᠠᠨ ᠤ ᠰᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠷᠠᠳ ᠤᠨ | ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠳᠦᠰᠦᠲᠡᠨ ᠤ ᠠᠵᠢᠯ ᠢ ᠲᠠᠰᠤᠷᠠᠯᠲᠠ ᠦᠭᠡᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠱᠤᠭᠤᠮ ᠤᠨ ᠠᠵᠢᠯ ᠢ ᠪᠠᠶᠢᠩᠭᠤ ᠶᠢᠨ | ᠪᠥᠭᠡᠳ ᠤᠷᠳᠤ ᠬᠤᠭᠤᠴᠠᠭ᠎ᠠ ᠪᠠᠷ ᠪᠦᠲᠦᠮᠵᠢᠲᠡᠢ ᠠᠳᠬᠤᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠥᠷᠨᠢᠭᠦᠯᠵᠦ᠂ ᠡᠯ᠎ᠡ ᠱᠠᠲᠤᠨ ᠤ ᠤᠯᠤᠰ | ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ | ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠬᠤ ᠶᠢ ᠠᠬᠢᠭᠤᠯᠬᠤ | ᠬᠡᠷᠡᠭᠲᠡᠢ᠃ ( ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ) | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |