ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 19 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/11
     7 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 19 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠪᠥᠬᠦ ᠬᠤᠲᠠ ᠶᠢᠨ ︽ᠲᠠᠪᠤᠨ ᠶᠡᠭᠡ ᠡᠭᠦᠷᠭᠡ︾ ᠶᠢᠨ ᠠᠵᠢᠯ ᠤᠨ ᠡᠭᠦᠷᠭᠡ ᠶᠢ ᠭᠥᠯᠢᠶᠡᠨ ᠠᠪᠬᠤ ᠠᠵᠢᠯ ᠤᠨ ᠬᠤᠪᠢᠶᠠᠷᠢᠯᠠᠯ ︵ᠲᠥᠰᠥᠯ︶ ︵ᠨᠠᠷᠢᠨ ᠬᠠᠭᠤᠳᠠᠰᠤ︶ ᠢ ᠬᠢᠨᠠᠨ ᠵᠥᠪᠯᠡᠵᠦ᠂ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠬᠤ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠳᠡᠭᠡᠭᠰᠢ ᠪᠠᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠬᠤ ᠶᠢ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠯᠢᠶᠡᠨ ᠠᠪᠬᠤ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠲᠣᠳᠣᠷᠬᠠᠶᠢᠯᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠤᠷᠴᠠ ᠴᠢᠳᠠᠮᠠᠭᠠᠢ ᠬᠦᠴᠦᠨ ᠢ ᠰᠣᠩᠭᠤᠨ ᠲᠣᠮᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠳᠣᠷᠣᠭᠰᠢ ᠪᠠᠭᠤᠯᠭᠠᠵᠤ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠡᠮᠬᠢᠯᠡᠵᠦ᠂ ᠳᠣᠷᠣᠭᠰᠢ ᠪᠠᠭᠤᠯᠭᠠᠭᠰᠠᠨ ᠵᠦᠢᠯᠡᠰ ᠢ ᠵᠣᠯᠭᠠᠭᠤᠯᠬᠤ ᠲᠣᠭᠲᠠᠴᠠ ᠶᠢ ᠪᠠᠶᠢᠭᠤᠯᠵᠤ᠂ ᠵᠦᠢᠯᠡᠰ ᠢ ᠳᠣᠷᠣᠭᠰᠢ ᠪᠠᠭᠤᠯᠭᠠᠬᠤ ᠳᠤ ᠨᠠᠷᠢᠨ ᠬᠠᠭᠤᠳᠠᠰᠤ ᠲᠣᠳᠣᠷᠬᠠᠢ᠂ ᠴᠢᠭᠯᠡᠯ ᠲᠣᠳᠣᠷᠬᠠᠢ᠂ ᠬᠠᠷᠢᠭᠤᠴᠠᠯᠭ᠎ᠠ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ᠃ ︽ᠬᠦᠯᠢᠶᠡᠨ ᠠᠪᠴᠤ ᠳᠡᠶᠢᠯᠬᠦ᠂ ᠰᠠᠶᠢᠲᠤᠷ ᠬᠢᠵᠦ ᠳᠡᠶᠢᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠷᠣᠭᠰᠢ ᠪᠠᠭᠤᠯᠭᠠᠭᠰᠠᠨ ᠵᠦᠢᠯᠡᠰ ᠢ ᠬᠦᠯᠢᠶᠡᠨ ᠠᠪᠬᠤ ᠴᠢᠳᠠᠪᠤᠷᠢ ᠪᠠᠨ ᠴᠢᠩᠭᠠᠳᠬᠠᠵᠤ᠂ ᠵᠦᠢᠯᠡᠰ ᠲᠣᠳᠣᠷᠬᠠᠢ᠂ ᠶᠠᠪᠤᠴᠠ ᠲᠣᠳᠣᠷᠬᠠᠢ᠂ ᠡᠭᠦᠷᠭᠡ ᠬᠠᠷᠢᠭᠤᠴᠠᠯᠭ᠎ᠠ ᠪᠣᠳᠠᠲᠠᠢ᠂ ᠡᠷᠭᠢᠯᠲᠡ ᠠᠮᠢᠳᠤᠯᠢᠭ ᠪᠠᠶᠢᠬᠤ ᠠᠵᠢᠯ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠠᠲ᠋ᠧᠷᠢᠶᠠᠯ ᠲᠠᠷᠬᠠᠭᠠᠬᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠪᠠ ᠵᠠᠭᠤᠴᠢᠯᠠᠭᠤᠷ ᠤᠨ ᠤᠬᠠᠭᠤᠯᠭ᠎ᠠ ᠵᠡᠷᠭᠡ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠬᠤᠲᠠ ᠶᠢᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠡᠷᠦᠬᠡ ᠪᠣᠯᠭᠠᠨ ᠳᠤ ᠮᠡᠳᠡᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号