7 ᠰᠠᠷ᠎ᠠ ᠶᠢᠨ 10 ᠤ ᠡᠳᠦᠷ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ | ᠡᠷᠭᠢᠯᠡᠵᠦ᠂ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠠᠭᠠᠭᠠᠨ | ᠡᠷᠭᠢᠯᠡᠭᠰᠡᠨ ᠵᠠᠯᠠᠭᠤᠴᠤᠳ ᠪᠠᠭᠠᠴᠤᠳ ᠤᠨ ︽ᠰᠢᠶᠠᠨ ᠤ ᠳᠠᠷᠤᠭ᠎ᠠ ᠬᠤᠨᠳᠠᠭᠠᠲᠤ︾ ᠬᠥᠯ ᠪᠥᠮᠪᠦᠭᠡ ᠶᠢᠨ ᠬᠤᠯᠪᠣᠭᠠᠲᠤ | ᠤᠷᠤᠯᠳᠤᠭᠠᠨ ᠡᠬᠢᠯᠡᠪᠡ᠃ ᠲᠣᠰ ᠬᠤᠭᠤᠴᠠᠭᠠᠨ ᠤ ᠬᠤᠯᠪᠣᠭᠠᠲᠤ ᠤᠷᠤᠯᠳᠤᠭᠠᠨ 4 ᠡᠳᠦᠷ ᠶᠠᠪᠤᠭᠳᠠᠵᠤ᠂ ᠮᠠᠨ ᠤ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ 8 ᠲᠥᠯᠥᠭᠡᠯᠡᠭᠴᠢᠳ ᠤᠨ ᠠᠩᠭᠢ ᠶᠢᠨ 110 ᠲᠠᠮᠢᠷᠴᠢᠨ | ᠤᠷᠤᠯᠳᠤᠭᠠᠨ ᠳᠤ ᠣᠷᠣᠯᠴᠠᠪᠠ᠃ | | | | | | ᠤᠷᠤᠯᠳᠤᠭᠠᠨ ᠡᠬᠢᠯᠡᠬᠦ ᠶᠣᠰᠣᠯᠠᠯ ᠳᠡᠭᠡᠷ᠎ᠡ᠂ ᠤᠷᠤᠯᠳᠤᠭᠠᠨ ᠳᠤ ᠣᠷᠣᠯᠴᠠᠭᠰᠠᠨ ᠠᠩᠭᠢ ᠵᠠᠯᠭᠠᠭ᠎ᠠ ᠪᠠᠷ | ᠲᠠᠶᠢᠰᠠᠨ ᠳᠤ ᠭᠠᠷᠴᠤ᠂ ᠬᠢᠨᠠᠭᠴᠢ ᠪᠣᠯᠣᠨ ᠲᠠᠮᠢᠷᠴᠢᠳ ᠤᠨ ᠲᠥᠯᠥᠭᠡᠯᠡᠭᠴᠢ ᠲᠣᠰ ᠲᠣᠰ ᠲᠠᠩᠭᠠᠷᠢᠭᠯᠠᠵᠤ᠂ ᠳᠠᠷᠠᠭ᠎ᠠ | ᠨᠢ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠬᠥᠯ ᠪᠥᠮᠪᠦᠭᠡ ᠶᠢᠨ ᠬᠤᠯᠪᠣᠭᠠᠲᠤ | ᠤᠷᠤᠯᠳᠤᠭᠠᠨ ᠡᠬᠢᠯᠡᠭᠰᠡᠨ ᠢ ᠵᠠᠷᠯᠠᠵᠤ᠂ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠠᠴᠠ ᠭᠤᠶᠢᠳᠠ ᠰᠠᠶᠢᠬᠠᠨ | ︽ᠲᠤᠭ ᠤᠨ ᠪᠥᠵᠢᠭ︾ ᠤᠨ ᠲᠣᠭᠯᠠᠯᠲᠠ ᠭᠠᠷᠭᠠᠵᠤ᠂ ᠤᠷᠤᠯᠳᠤᠭᠠᠨ ᠡᠬᠢᠯᠡᠬᠦ ᠶᠣᠰᠣᠯᠠᠯ ᠳᠤ ᠭᠦᠨ ᠵᠤᠵᠠᠭᠠᠨ ᠠᠭᠤᠷ | ᠠᠮᠢᠰᠬᠤᠯ ᠢ ᠨᠡᠮᠡᠷᠢᠯᠡᠭᠰᠡᠨ ᠪᠥᠭᠡᠳ ᠮᠠᠨ ᠤ ᠰᠢᠶᠠᠨ ᠤ ᠵᠠᠯᠠᠭᠤᠴᠤᠳ ᠪᠠᠭᠠᠴᠤᠳ ᠤᠨ ᠣᠷᠭᠢᠯᠤᠮ᠎ᠠ ᠰᠡᠳᠬᠢᠯᠭᠡ | ᠪᠣᠯᠣᠨ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠤᠷᠤᠯᠳᠤᠭᠠᠨ ᠤ ᠳᠤᠮᠳᠠ᠂ ᠵᠠᠯᠠᠭᠤᠴᠤᠳ ᠪᠠᠭᠠᠴᠤᠳ ᠬᠥᠯ | ᠪᠥᠮᠪᠦᠭᠡ ᠳᠡᠭᠡᠨ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠣᠷᠭᠢᠯᠤᠮ᠎ᠠ ᠰᠡᠳᠬᠢᠯᠭᠡ ᠪᠠᠨ ᠭᠦᠢᠴᠡᠳ | ᠪᠠᠳᠠᠷᠠᠭᠤᠯᠵᠤ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠠ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ | ᠢᠯᠡᠷᠡᠭᠦᠯᠵᠦ᠂ ᠰᠡᠳᠬᠢᠯ ᠵᠢᠷᠦᠬᠡ ᠪᠠᠨ ᠬᠥᠪᠴᠢᠯᠡᠭᠰᠡᠨ ᠳᠠᠭᠠᠷᠢᠯᠲᠠ ᠶᠢᠨ ᠶᠡᠭᠡ ᠳᠠᠶᠢᠯᠠᠯᠳᠤᠭᠠᠨ ᠢ ᠭᠠᠷᠭᠠᠪᠠ᠃ | ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ ᠭᠦᠨ ᠵᠤᠵᠠᠭᠠᠨ | ᠤᠷᠤᠯᠳᠤᠭᠠᠨ ᠤ ᠠᠭᠤᠷ ᠠᠮᠢᠰᠬᠤᠯ ᠢ ᠪᠣᠶ ᠪᠣᠯᠭᠠᠪᠠ᠃ | | | | | | ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠣᠯ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ | ᠪᠡᠶ᠎ᠡ ᠶᠢᠨ ᠲᠠᠮᠢᠷ ᠤᠨ ᠤᠷᠤᠯᠳᠤᠭᠠᠨ ᠳᠤ ᠪᠠᠶᠢᠩᠭᠤᠵᠢᠭᠤᠯᠤᠨ ᠥᠷᠨᠢᠭᠦᠯᠦᠭᠰᠡᠨ ᠪᠡᠶ᠎ᠡ ᠶᠢᠨ ᠲᠠᠮᠢᠷ ᠤᠨ ᠲᠥᠷᠥᠯ | ᠵᠦᠢᠯ ᠮᠥᠨ᠂ ᠰᠤᠷᠤᠭᠴᠢᠳ ᠲᠤ ᠬᠥᠯ ᠪᠥᠮᠪᠦᠭᠡ ᠶᠢᠨ ᠬᠥᠳᠡᠯᠭᠡᠭᠡᠨ ᠤ ᠪᠠᠶᠠᠷ ᠪᠠᠶᠠᠰᠤᠯ ᠢ ᠡᠳ᠋ᠯᠡᠭᠦᠯᠵᠦ᠂ ᠬᠥᠯ | ᠪᠥᠮᠪᠦᠭᠡ ᠶᠢᠨ ᠷᠢᠳᠢ ᠰᠢᠳᠢ ᠶᠢ ᠮᠡᠳᠡᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠪᠡᠶ᠎ᠡ ᠶᠢᠨ ᠲᠠᠮᠢᠷ ᠤᠨ | ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠲᠤ ᠥᠪᠡᠷ ᠢ ᠪᠠᠨ ᠢᠯᠡᠷᠡᠭᠦᠯᠬᠦ ᠲᠠᠪᠴᠠᠩ ᠬᠠᠩᠭᠠᠵᠤ᠂ | ᠵᠠᠯᠠᠭᠤᠴᠤᠳ ᠪᠠᠭᠠᠴᠤᠳ ᠤᠨ ᠪᠥᠬᠦ ᠲᠠᠯ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ︵ᠰᠤᠷᠪᠤᠯᠵᠢᠯᠠᠭᠴᠢ᠄ ᠯᠢᠦ ᠪᠠᠢ ᠢᠦᠢ ᠶᠠᠩ ᠵᠢᠶᠧ︶ | | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ | | |