ᠬᠢᠯᠢ ᠳᠣᠲᠣᠷᠠᠬᠢ ᠶᠢᠰᠦᠨ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2024/7/11
   ᠮᠠᠨ ᠤ ᠰᠢᠶᠠᠨ ᠤ ᠬᠢᠯᠢ ᠳᠣᠲᠣᠷᠠᠬᠢ ᠦᠯᠡᠳᠡᠭᠳᠡᠯ ᠬᠦᠳᠡᠷ ᠤᠨ ᠬᠥᠮᠥᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠦᠴᠦᠸᠠᠨ ᠰᠢᠶᠠᠨ ᠤ ᠬᠢᠯᠢ ᠳᠣᠲᠣᠷᠠᠬᠢ ᠶᠢᠰᠦᠨ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠨ᠎ᠠ᠂ ᠡᠳᠦᠭᠡ ᠵᠠᠷᠯᠠᠨ ᠨᠡᠶᠢᠲᠡᠯᠡᠶ᠎ᠡ᠃    ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 7 ᠰᠠᠷ᠎ᠠ ᠶᠢᠨ 10 ᠤ ᠡᠳᠦᠷ ᠠᠴᠠ 2024 ᠣᠨ ᠤ 8 ᠰᠠᠷ᠎ᠠ ᠶᠢᠨ 10 ᠤ ᠡᠳᠦᠷ ᠪᠣᠯᠲᠠᠯ᠎ᠠ᠃    ᠠᠯᠪᠠᠨ ᠵᠠᠷ ᠤᠨ ᠬᠤᠭᠤᠴᠠᠭᠠᠨ ᠳᠤ ᠬᠡᠷᠪᠡ ᠲᠣᠰ ᠠᠯᠪᠠᠨ ᠵᠠᠷ ᠲᠤ ᠣᠨᠳᠣᠣ ᠰᠠᠨᠠᠯ ᠳᠤᠷᠠᠳᠪᠠᠯ ᠬᠤᠯᠪᠣᠭᠳᠠᠯ ᠪᠦᠬᠦᠢ ᠰᠠᠨᠠᠯ ᠢᠶᠠᠨ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠴᠠᠭ ᠲᠤᠬᠠᠢ ᠳᠤᠨᠢ ᠬᠠᠷᠢᠭᠤ ᠲᠤᠰᠬᠠᠨ᠎ᠠ᠃    ᠬᠠᠷᠢᠯᠴᠠᠬᠤ ᠬᠥᠮᠥᠨ᠄ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠵᠠᠩ ᠸᠧᠢ ᠵᠢᠶᠦ᠋ᠨ 15647168240    ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ  ᠯᠦ ᠴᠤᠤ 13739913724    ᠣᠨᠴᠠᠭᠠᠶᠢᠯᠠᠨ ᠵᠠᠷᠯᠠᠪᠠ    ᠳᠠᠭᠠᠯᠳᠤᠭᠤᠯᠤᠯ᠄ ᠦᠴᠦᠸᠠᠨ ᠰᠢᠶᠠᠨ ᠤ 9 ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠨᠠᠷᠢᠨ ᠳᠠᠩᠰᠠ                                      ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                        2024 ᠣᠨ ᠤ 7 ᠰᠠᠷ᠎ᠠ ᠶᠢᠨ 10 ᠤ ᠡᠳᠦᠷ    ᠦᠴᠦᠸᠠᠨ ᠰᠢᠶᠠᠨ ᠤ 9 ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳ᠋ᠤᠭᠠᠷ ᠢ ᠨᠢ ᠬᠠᠰᠤᠬᠤ ᠨᠠᠷᠢᠨ ᠳᠠᠩᠰᠠ    1. ᠦᠴᠦᠸᠠᠨ ᠰᠢᠶᠠᠨ ᠤ ᠰᠢᠦᠢ ᠰᠢᠨ ᠶᠤᠸᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ    2. ᠦᠴᠦᠸᠠᠨ ᠰᠢᠶᠠᠨ ᠤ ᠳ᠋ᠢ ᠱᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ    3. ᠦᠴᠦᠸᠠᠨ ᠰᠢᠶᠠᠨ ᠤ ᠳ᠋ᠢ ᠱᠠᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢᠶᠥᠥ ᠬᠤᠣ ᠯᠠᠢ ᠲᠡᠮᠦᠷ ᠤᠨ ᠠᠭᠤᠷᠬᠠᠢ ᠶᠢᠨ 2 ᠳ᠋ᠤᠭᠠᠷ ᠦᠯᠡᠳᠡᠭᠳᠡᠯ ᠬᠦᠳᠡᠷ ᠤᠨ ᠬᠥᠮᠥᠷᠭᠡ    4. ᠦᠴᠦᠸᠠᠨ ᠰᠢᠶᠠᠨ ᠤ ᠶᠦᠩ ᠵᠧᠨ ᠰᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ    5. ᠥᠪᠥᠷ ᠮᠣᠩᠭᠤᠯ ᠤᠨ ᠲᠦᠩ ᠯᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳᠠᠯᠠᠨ ᠬᠠᠷ᠎ᠠ ᠠᠭᠤᠯᠠ ᠶᠢᠨ ᠠᠯᠲᠠᠨ ᠤ ᠠᠭᠤᠷᠬᠠᠢ ᠶᠢᠨ ᠦᠯᠡᠳᠡᠭᠳᠡᠯ ᠬᠦᠳᠡᠷ ᠤᠨ ᠬᠥᠮᠥᠷᠭᠡ    6. ᠥᠪᠥᠷ ᠮᠣᠩᠭᠤᠯ ᠤᠨ ᠢᠦᠢ ᠶᠢᠨ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ    7.ᠦᠴᠦᠸᠠᠨ ᠰᠢᠶᠠᠨ ᠤ ᠮᠧᠩ ᠶᠤᠸᠠᠨ ᠳ᠋ᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ    8. ᠥᠪᠥᠷ ᠮᠣᠩᠭᠤᠯ ᠤᠨ ᠲᠦᠩ ᠯᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠰᠢᠯᠢᠬᠦ ᠦᠢᠯᠡᠳᠪᠦᠷᠢ ᠶᠢᠨ ᠦᠯᠡᠳᠡᠭᠳᠡᠯ ᠬᠦᠳᠡᠷ ᠤᠨ ᠬᠥᠮᠥᠷᠭᠡ    9. ᠦᠴᠦᠸᠠᠨ ᠰᠢᠶᠠᠨ ᠤ ᠸᠠᠨ ᠾᠧᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠤᠮᠫᠠᠨᠢ ᠶᠢᠨ ᠦᠯᠡᠳᠡᠭᠳᠡᠯ ᠬᠦᠳᠡᠷ ᠤᠨ ᠬᠥᠮᠥᠷᠭᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号