ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 138 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/12
     7 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 138 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠰᠢᠶᠠᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ ᠤᠯᠠᠮᠵᠢᠯᠠᠨ ᠰᠤᠷᠤᠯᠴᠠᠪᠠ᠃ ︽ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠬᠡᠰᠡᠭ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠪᠣᠯᠬᠤ ᠶᠢ ᠪᠠᠷᠢᠮᠲᠠᠯᠠᠵᠤ᠂ ᠰᠢᠶᠠᠨ ᠤ ᠬᠡᠪᠴᠢᠶᠡᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ ᠬᠠᠮᠢᠶᠠᠷᠬᠤ᠂ ᠬᠡᠷᠡᠭᠯᠡᠬᠦ ᠶᠢ ᠴᠢᠩᠭᠠᠳᠬᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠳᠤᠮᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠢᠯ ᠣᠯᠭᠤᠯᠲᠠ ᠶᠢᠨ ᠬᠤᠭᠤᠷᠣᠨᠳᠣᠬᠢ ᠰᠠᠶᠢᠨ ᠦᠢᠯᠡᠳᠦᠯᠴᠡᠯ ᠪᠠ ᠵᠣᠬᠢᠴᠠᠭᠤᠯᠭ᠎ᠠ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠪᠠᠲᠤᠯᠠᠬᠤ ᠬᠡᠷᠡᠭᠲᠡᠢ᠃ ᠴᠢᠳᠠᠪᠤᠷᠢᠲᠠᠨ ᠢ ᠰᠣᠩᠭᠤᠨ ᠬᠡᠷᠡᠭᠯᠡᠬᠦ ᠪᠣᠭᠤᠮᠲᠠ ᠶᠢ ᠰᠠᠶᠢᠲᠤᠷ ᠠᠳᠬᠤᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠬᠥᠮᠥᠨ ᠢ ᠲᠠᠨᠢᠵᠤ ᠬᠥᠮᠥᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠲᠣᠭᠲᠠᠭᠠᠨ ᠤᠷᠢᠬᠤ ᠶᠢ ᠴᠢᠬᠤᠯᠠᠴᠢᠯᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠠᠵᠢᠯ ᠤᠨ ᠢᠳᠡᠪᠬᠢᠵᠢᠯ ᠢ ᠬᠥᠭᠵᠢᠭᠡᠨ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠲᠡᠮᠡᠴᠡᠬᠦ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠬᠠᠷᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ᠂ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢᠶᠠᠨ ᠤ ᠨᠠᠮ ᠤᠨ ᠬᠤᠷᠢᠶᠠᠨ ᠤ ᠵᠢᠯ ᠤᠨ ᠡᠬᠢᠨ ᠳᠤ ᠲᠣᠭᠲᠠᠭᠠᠭᠰᠠᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠤᠶᠠᠯᠳᠤᠭᠤᠯᠵᠤ᠂ ᠬᠠᠷᠠᠯᠲᠠ ᠪᠠᠨ ᠨᠠᠷᠢᠯᠢᠭᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠲᠤᠰ ᠪᠡᠶ᠎ᠡ ᠶᠢᠨ ᠣᠨᠴᠠᠯᠢᠭ ᠢᠶᠠᠨ ᠲᠤᠪᠤᠶᠢᠯᠭᠠᠵᠦ᠂ ᠬᠤᠯᠪᠣᠭᠳᠠᠯ ᠪᠦᠬᠦᠢ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠲᠤᠶᠢᠯ ᠤᠨ ᠬᠠᠷᠢᠭᠤᠴᠠᠯᠭᠠᠲᠤ ᠣᠪᠣᠷ ᠢᠶᠠᠷ ᠰᠡᠷᠭᠡᠶᠢᠯᠡᠯᠲᠡ ᠶᠢᠨ ᠱᠤᠭᠤᠮ ᠨᠢᠭᠡᠪᠦᠷᠢ ᠶᠢ ᠴᠢᠩᠭ᠎ᠠ ᠠᠳᠬᠤᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠢᠶᠠᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠲᠣᠭᠤᠷᠢᠨ ᠳᠤ᠂ ᠴᠢᠨᠠᠷ ᠰᠠᠶᠢᠲᠠᠢ ᠬᠡᠷ ᠲᠤᠨᠢ ᠬᠦᠷᠴᠦ ᠦᠢᠯᠡᠴᠢᠯᠡᠬᠦ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠶᠢᠴᠤᠳ ᠵᠢᠴᠢ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭᠴᠦᠳ ᠤᠨ ᠤᠬᠢᠶᠠᠯᠭ᠎ᠠ ᠶᠢᠨ ᠬᠡᠷᠡᠭᠴᠡᠭᠡ ᠶᠢ ᠬᠠᠩᠭᠠᠵᠤ᠂ ᠬᠡᠷᠡᠭᠴᠡᠭᠡ ᠶᠣᠰᠣᠭᠠᠷ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠬᠢᠵᠦ᠂ ᠤᠬᠢᠶᠠᠯᠭ᠎ᠠ ᠶᠢᠨ ᠲᠡᠷᠭᠡ ᠳᠤ ᠲᠤᠰᠠᠯᠠᠬᠤ ᠪᠠᠷ ᠭᠠᠷᠳᠠᠬᠤ ᠴᠡᠭ ᠪᠣᠯᠭᠠᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠬᠤᠭᠤᠯᠠ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠡᠮᠨᠡᠭᠦᠯᠬᠦ ᠵᠡᠷᠭᠡ ᠲᠠᠯ᠎ᠠ ᠪᠠᠷ ᠬᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠠᠰᠤᠲᠠᠶᠢᠴᠤᠳ ᠢ ᠬᠠᠪᠰᠤᠷᠤᠨ ︽ᠭᠡᠷ ᠤᠨ ᠡᠭᠦᠳᠡᠨ ᠳᠠᠬᠢ ᠨᠠᠰᠤᠵᠢᠯ ᠤᠨ ᠠᠰᠠᠷᠠᠮᠵᠢ︾ ᠶᠢ ᠪᠡᠶᠡᠯᠡᠭᠦᠯᠬᠦ ᠬᠡᠷᠡᠭᠲᠡᠢ᠃ ᠤᠰᠤᠨ ᠤ ᠶᠠᠪᠤᠳᠠᠯ ᠪᠠ ᠴᠠᠭ ᠠᠭᠤᠷ ᠤᠨ ᠰᠠᠯᠠᠭ᠎ᠠ ᠮᠥᠴᠢᠷ ᠤᠳ ᠮᠢᠨᠴᠦᠭᠦᠷᠡᠬᠦ ᠦᠵᠡᠯ ᠰᠠᠨᠠᠭ᠎ᠠ ᠶᠢ ᠢᠯᠠᠨ ᠳᠠᠪᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠭᠤᠣᠯ ᠤᠨ ᠵᠠᠮ᠂ ᠤᠰᠤᠨ ᠴᠥᠭᠦᠷᠥᠮ ᠵᠡᠷᠭᠡ ᠭᠤᠣᠯᠳᠠᠯᠭ᠎ᠠ ᠲᠠᠢ ᠬᠡᠰᠡᠭ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠪᠣᠳᠠᠲᠠᠢ ᠠᠳᠬᠤᠵᠤ᠂ ᠲᠤᠶᠢᠯ ᠤᠨ ᠦᠵᠦᠭᠦᠷᠴᠢ ᠴᠢᠨᠠᠷᠲᠠᠢ᠂ ᠲᠣᠭᠲᠠᠪᠤᠷᠢ ᠦᠭᠡᠢ ᠴᠢᠨᠠᠷᠲᠠᠢ ᠴᠠᠭ ᠠᠭᠤᠷ ᠤᠨ ᠬᠤᠪᠢᠷᠠᠯᠲᠠ ᠶᠢ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠡᠷᠲᠡ ᠬᠢᠨᠠᠨ ᠬᠡᠮᠵᠢᠵᠦ᠂ ᠡᠷᠲᠡ ᠢᠯᠡᠷᠡᠭᠦᠯᠵᠦ᠂ ᠡᠷᠲᠡ ᠰᠡᠷᠡᠮᠵᠢᠯᠡᠭᠦᠯᠵᠦ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠯᠢᠭ ᠣᠨᠣᠴᠠᠲᠠᠢ ᠪᠠᠷ ᠪᠠᠶᠢᠷᠢᠰᠢᠭᠤᠯᠵᠤ᠂ ᠴᠢᠨᠠᠷ ᠰᠠᠶᠢᠲᠠᠢ ᠲᠡᠩᠴᠡᠭᠦᠷᠢᠲᠡᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠶᠢ ᠴᠢᠩᠭᠠᠳᠬᠠᠨ᠂ ︽ᠴᠢᠳᠠᠪᠤᠷᠢᠲᠠᠢ ᠬᠥᠮᠥᠰ ᠤᠨ ᠰᠤᠷᠭᠠᠭᠤᠯᠢ︾ ᠶᠢᠨ ᠠᠵᠢᠯ ᠤᠨ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠵᠢᠭᠠᠨ ᠰᠤᠷᠭᠠᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠣᠷᠪᠤᠯᠵᠢᠯᠠᠬᠴᠢ ᠮᠠ ᠾᠦᠢ ᠮᠢᠨ᠂ ᠶᠠᠩ ᠵᠢᠶ᠋ᠧ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号