ᠮᠠᠨ ᠤ ᠣᠷᠣᠨ ᠤ 2 ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠳ᠋ᠦᠩᠰᠢᠭᠤᠷ ᠲᠥᠭᠦᠷᠢᠭ ᠤᠨ ᠳᠡᠮᠵᠢᠯᠭᠡ ᠭᠦᠷᠳᠡᠪᠡ
ᠨᠡᠶᠢᠲᠡᠯᠡᠭᠰᠡᠨ ᠴᠠᠭ᠄
2024/7/12
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤ ᠪᠣᠯᠣᠨ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠤ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠨᠢ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠢᠶᠠᠷ ᠰᠣᠩᠭᠤᠭᠳᠠᠵᠤ᠂ ᠨᠡᠶᠢᠲᠡ ᠳ᠋ᠦᠩᠰᠢᠭᠤᠷ ᠲᠥᠭᠦᠷᠢᠭ ᠤᠨ ᠳᠡᠮᠵᠢᠯᠭᠡ ᠭᠦᠷᠲᠡᠪᠡ᠃      2021 - 2023 ᠣᠨ ᠳᠤ ᠮᠠᠨ ᠤ ᠣᠷᠣᠨ ᠲᠥᠪ ᠤᠨ ᠲᠤᠰᠬᠠᠢ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠨᠡᠶᠢᠲᠡ 1.5 ᠳ᠋ᠦᠩᠰᠢᠭᠤᠷ ᠲᠥᠭᠦᠷᠢᠭ ᠣᠯᠵᠤ᠂ ᠤᠷᠢᠳ ᠬᠤᠵᠢᠳ ᠨᠢᠩᠴᠧᠩ ᠰᠢᠶᠠᠨ᠂ ᠳᠥᠷᠪᠡᠳ ᠬᠤᠰᠢᠭᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠨ ᠲᠤᠬᠠᠢ ᠶᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠰᠠᠶᠢᠵᠢᠷᠠᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠡᠶᠡᠵᠢᠨ ᠴᠢᠨᠡᠭᠡᠯᠢᠭᠵᠢᠬᠦ ᠶᠢ ᠳᠠᠶᠢᠴᠢᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠬᠢᠴᠠ ᠶᠢ ᠲᠦᠷᠭᠡᠳᠬᠡᠨ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠪᠠ ᠲᠡᠨᠳᠡᠬᠢ ᠠᠷᠠᠳ ᠲᠦᠮᠡᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠪᠠ᠃      ᠡᠨᠡ ᠵᠢᠯ ᠮᠠᠨ ᠤ ᠣᠷᠣᠨ ᠤᠷᠠᠳ ᠤᠨ ᠡᠮᠦᠨᠡᠲᠦ ᠬᠤᠰᠢᠭᠤ ᠪᠣᠯᠣᠨ ᠬᠠᠷᠠᠴᠢᠨ ᠬᠤᠰᠢᠭᠤᠨ ᠳᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠳᠡᠮᠵᠢᠯᠭᠡ ᠶᠢᠨ ᠲᠥᠷᠥᠯ ᠵᠦᠢᠯ ᠢ ᠬᠡᠷᠡᠭᠵᠢᠭᠦᠯᠬᠦ  ᠪᠠᠷ ᠲᠣᠭᠲᠠᠪᠠ᠃ ᠤᠷᠠᠳ ᠤᠨ ᠡᠮᠦᠨᠡᠲᠦ ᠬᠤᠰᠢᠭᠤᠨ ᠤ ᠲᠥᠷᠥᠯ ᠵᠦᠢᠯ ᠨᠢ ︽1 + 2 + N︾ ᠬᠥᠭᠵᠢᠯᠲᠡ  ᠶᠢᠨ ᠰᠡᠳᠬᠢᠴᠡ ᠶᠢᠨ ᠲᠣᠭᠤᠷᠢᠨ ᠳᠤ 1 ᠬᠤᠪᠢᠰᠬᠠᠯᠲᠤ ᠵᠢᠭᠤᠯᠴᠢᠯᠠᠯ ᠤᠨ ᠵᠠᠮ ᠱᠤᠭᠤᠮ ᠢ ᠴᠣᠭᠴᠠᠯᠠᠨ᠂ 2 ᠣᠨᠴᠠᠯᠢᠭᠲᠤ ᠠᠵᠤ ᠦᠢᠯᠡᠰ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠣᠯᠠᠨ ᠲᠣᠰᠬᠤᠨ ᠳᠤᠭᠤᠶᠢᠯᠠᠩ ᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠤ ᠳᠡᠭᠡᠭᠰᠢᠯᠡᠯᠲᠡ ᠶᠢ ᠳᠠᠶᠢᠴᠢᠯᠠᠨ᠎ᠠ᠃ ᠬᠠᠷᠠᠴᠢᠨ ᠬᠤᠰᠢᠭᠤᠨ ᠤ ᠲᠥᠷᠥᠯ ᠵᠦᠢᠯ ᠨᠢ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠦᠢᠯᠡᠳᠪᠦᠷᠢᠯᠡᠬᠦ ᠡᠳ᠋ᠰᠢᠭᠦᠯᠬᠦ ᠪᠣᠷᠣᠯᠠᠭᠤᠯᠬᠤ ᠶᠢ ᠨᠡᠪᠲᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠣᠷᠣᠨ ᠤ ᠲᠥᠬᠦᠭᠡᠷᠦᠮᠵᠢᠲᠦ ᠲᠠᠷᠢᠶᠠᠯᠠᠩ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠪᠣᠯᠣᠨ ᠬᠤᠪᠢᠰᠬᠠᠯᠲᠤ ᠤᠳᠤᠮᠰᠢᠯ ᠤᠨ ᠪᠠᠶᠢᠭᠤᠯᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ  ᠤ ᠲᠢᠩᠬᠢᠮ ᠠᠴᠠ ᠬᠤᠯᠪᠣᠭᠳᠠᠯ ᠪᠦᠬᠦᠢ ᠲᠥᠷᠥᠯ ᠵᠦᠢᠯ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠡᠬᠢ ᠪᠠᠶᠠᠯᠢᠭ ᠪᠠ ᠬᠤᠪᠢᠰᠬᠠᠯᠲᠤ ᠰᠣᠶᠣᠯ ᠵᠡᠷᠭᠡ ᠲᠠᠯ᠎ᠠ ᠶᠢᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠲᠥᠪ ᠤᠨ ᠲᠤᠰᠬᠠᠢ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ  ᠶᠢᠨ ᠠᠰᠠᠷᠠᠮᠵᠢ ᠶᠢᠨ ᠮᠥᠩᠭᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠠᠩ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠬᠥᠭᠵᠢᠯᠲᠡ ᠶᠢ ᠨᠠᠩ ᠰᠠᠶᠢᠨ ᠠᠬᠢᠭᠤᠯᠬᠤ ᠪᠠᠷ ᠪᠤᠢ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号