ᠮᠠᠨ ᠤ ᠣᠷᠣᠨ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠤ ᠪᠠᠶᠢᠨ᠎ᠠ
ᠨᠡᠶᠢᠲᠡᠯᠡᠭᠰᠡᠨ ᠴᠠᠭ᠄
2024/7/12
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ 7 ᠰᠠᠷ᠎ᠠ  ᠶᠢᠨ 11 ᠤ ᠡᠳᠦᠷ ᠡᠷᠭᠢᠯᠡᠨ ᠶᠠᠪᠤᠭᠳᠠᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠣᠶᠢᠷ᠎ᠠ ᠳᠤ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠦᠬᠦᠢ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ︾ ᠢ ᠲᠣᠭᠲᠠᠭᠠᠨ ᠨᠡᠶᠢᠲᠡᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠰᠢᠨᠡᠬᠡᠨ ᠨᠡᠶᠢᠲᠡᠯᠡᠭᠰᠡᠨ ᠲᠤᠰ ᠰᠠᠨᠠᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠥᠪ ᠤᠨ︽ᠬᠤᠶᠠᠷ  ᠭᠤᠶᠢᠪᠢᠰᠢ ᠦᠭᠡᠢ ᠪᠠᠶᠢᠬᠤ︾ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠠᠶᠢᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠨᠢᠭᠡ ᠠᠷᠭ᠎ᠠ ᠬᠡᠮᠵᠢᠶ᠎ᠡ ᠪᠤᠯᠬᠤ ᠪᠥᠭᠡᠳ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ  ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠰᠠᠨᠠᠯ ᠳᠤ ᠬᠢᠵᠠᠭᠠᠷᠯᠠᠬᠤ ᠴᠢᠨᠠᠷᠲᠠᠢ ᠲᠦᠷᠦ ᠶᠢᠨ ᠪᠣᠳᠣᠯᠭ᠎ᠠ ᠶᠢ ᠠᠷᠢᠯᠭᠠᠬᠤ᠂ ᠬᠡᠷᠡᠭ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠬᠦ᠂ ᠪᠡᠯᠡ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠬᠤ᠂ ᠠᠮᠠᠯᠠᠯᠲᠠ ᠪᠠᠨ ᠭᠦᠢᠴᠡᠳᠬᠡᠬᠦ ᠶᠢ ᠴᠢᠬᠤᠯᠠᠴᠢᠯᠠᠨ ᠴᠢᠩᠭᠠᠳᠬᠠᠬᠤ᠂ ᠵᠣᠭᠤᠰ ᠮᠥᠩᠭᠦ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ᠂ ᠬᠤᠳᠠᠯᠳᠤᠭᠠᠴᠢᠳ ᠢ ᠬᠦᠨᠳᠦᠳᠬᠡᠬᠦ ᠠᠭᠤᠷ ᠠᠮᠢᠰᠬᠤᠯ ᠢ ᠪᠤᠢ ᠪᠤᠯᠭᠠᠬᠤ ᠵᠡᠷᠭᠡ 8 ᠲᠦᠷᠦᠯ ᠤᠨ 20 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠪᠠ᠃ ᠪᠠᠰᠠ ᠨᠠᠭᠠᠲᠤ ᠵᠠᠬ᠎ᠠ ᠳᠠᠭᠠᠨ ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠭ᠎ᠠ ᠶᠢᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠪᠡᠯᠡ ᠮᠥᠩᠭᠦ ᠭᠠᠷᠭᠠᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠬᠠᠤᠯᠢ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠬᠢᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠪᠡᠯᠡ ᠤᠷᠤᠭᠤᠯᠬᠤ ᠶᠢ ᠬᠠᠤᠯᠢ ᠶᠣᠰᠣ ᠪᠠᠷ ᠬᠠᠮᠠᠭᠠᠯᠠᠬᠤ᠂ ᠵᠠᠰᠠᠭ ᠤᠨ ᠣᠷᠳᠣᠨ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠪᠠᠷᠢᠮᠵᠢᠶ᠎ᠠ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠭᠤᠯᠤᠨ ᠠᠪᠴᠢᠷᠠᠭᠰᠠᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠳᠤ ᠬᠦᠷᠲᠡᠭᠡᠮᠵᠢ ᠣᠯᠭᠤᠬᠤ ᠵᠡᠷᠭᠡ ᠠᠯᠢ ᠤᠯᠠᠨ ᠲᠦᠷᠦ ᠶᠢᠨ ᠪᠣᠳᠣᠯᠭ᠎ᠠ  ᠶᠢ ᠠᠩᠬ᠎ᠠ ᠤᠳᠠᠭ᠎ᠠ ᠳᠤᠷᠠᠳᠤᠭᠰᠠᠨ ᠪᠤᠶᠤ ᠰᠢᠨ᠎ᠡ ᠶᠢ ᠡᠭᠦᠳᠬᠦ ᠴᠢᠨᠠᠷᠲᠠᠢ ᠪᠠᠷ ᠳᠤᠷᠠᠳᠤᠨ ᠭᠠᠷᠭᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号