ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ︽ᠰᠢᠨ᠎ᠡ ᠴᠠᠭ ᠦᠶ᠎ᠡ ᠶᠢᠨ ᠤᠯᠤᠰ ᠲᠥᠷᠥ ᠪᠠᠷ ᠴᠡᠷᠢᠭ ᠢ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠴᠡᠷᠢᠭ ᠠᠩᠭᠢ ᠶᠢᠨ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/7/12
     ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠴᠠᠭ ᠦᠶ᠎ᠡ ᠶᠢᠨ ᠤᠯᠤᠰ ᠲᠥᠷᠥ ᠪᠠᠷ ᠴᠡᠷᠢᠭ ᠢ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠴᠡᠷᠢᠭ ᠠᠩᠭᠢ ᠶᠢᠨ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃      ︽ᠲᠣᠭᠲᠠᠭᠠᠯ︾ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠢᠯᠠᠩᠭᠤᠶ᠎ᠠ ᠭᠦ᠋ ᠲᠢᠶᠠᠨ ᠤ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠶᠢ ᠡᠵᠡᠮᠳᠡᠨ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠤᠨᠤᠯ ᠤᠨ ᠰᠦᠪᠡᠭᠴᠢᠯᠡᠯᠲᠡ ᠪᠠ ᠦᠢᠯᠡᠳᠦᠯᠭᠡ ᠶᠢᠨ ᠡᠭᠦᠳᠦᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠢ ᠪᠠᠶᠢᠭᠤᠯᠬᠤ ᠠᠷᠭ᠎ᠠ ᠪᠣᠳᠣᠯᠭ᠎ᠠ ᠶᠢ ᠪᠤᠢ ᠪᠣᠯᠭᠠᠭᠠᠳ᠂ ᠤᠯᠤᠰ ᠲᠦᠷᠦ ᠪᠠᠷ ᠴᠡᠷᠢᠭ ᠢ ᠪᠠᠶᠢᠭᠤᠯᠬᠤ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠭᠠᠷᠭᠠᠪᠠ᠃      ︽ᠲᠣᠭᠲᠠᠭᠠᠯ︾ ᠳᠤ᠂ ᠰᠢᠨ᠎ᠡ ᠠᠶᠠᠨ ᠳᠤ ᠴᠡᠷᠢᠭ ᠠᠩᠭᠢ ᠶᠢᠨ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠨ ᠠᠬᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠪᠠᠷ ᠴᠡᠷᠢᠭ ᠢ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠰᠢᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠣᠭᠤᠷᠢᠨ ᠳᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ ᠦᠷᠭᠦᠯᠵᠢᠯᠡᠨ ᠦᠵᠡᠯ ᠰᠠᠨᠠᠭ᠎ᠠ ᠶᠢ ᠴᠡᠭᠴᠡᠯᠡᠬᠦ᠂ ᠬᠥᠮᠥᠨ ᠬᠡᠷᠡᠭᠯᠡᠬᠦ ᠶᠢ ᠴᠡᠭᠴᠡᠯᠡᠬᠦ᠂ ᠵᠣᠬᠢᠶᠠᠨ ᠪᠠᠶᠢᠭᠤᠯᠤᠯᠲᠠ ᠶᠢ ᠴᠡᠭᠴᠡᠯᠡᠬᠦ᠂ ᠰᠤᠷᠲᠠᠯ ᠢ ᠴᠡᠭᠴᠡᠯᠡᠬᠦ᠂ ᠰᠠᠬᠢᠯᠭ᠎ᠠ ᠪᠠᠲᠤ ᠶᠢ ᠴᠡᠭᠴᠡᠯᠡᠬᠦ ᠶᠢ ᠭᠦᠨᠵᠡᠭᠡᠶᠢᠷᠡᠭᠦᠯᠵᠦ᠂ ᠳᠡᠭᠡᠳᠦ ᠳᠠᠪᠬᠤᠷᠭ᠎ᠠ ᠶᠢᠨ ᠨᠠᠮ ᠤᠨ ᠬᠤᠷᠢᠶ᠎ᠠ᠂ ᠳᠡᠭᠡᠳᠦ ᠵᠡᠷᠭᠡ ᠶᠢᠨ ᠺᠠᠳ᠋ᠷ ᠢ ᠳᠣᠪᠤᠶᠢᠯᠭᠠᠵᠤ᠂ ᠤᠯᠤᠰ ᠲᠥᠷᠥ ᠪᠠᠲᠤ ᠴᠢᠩᠭ᠎ᠠ᠂ ᠴᠢᠳᠠᠪᠤᠷᠢ ᠰᠠᠶᠢᠲᠠᠢ ᠡᠷᠡᠰ ᠪᠠᠲᠤ ᠨᠠᠮ ᠤᠨ ᠵᠣᠬᠢᠶᠠᠨ ᠪᠠᠶᠢᠭᠤᠯᠤᠯᠲᠠ ᠶᠢ ᠴᠣᠭᠴᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠴᠡᠷᠢᠭ ᠢ ᠬᠦᠴᠦᠷᠬᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ ᠢᠶᠠᠨ ᠡᠭᠦᠷᠢᠳᠡ ᠬᠠᠳᠠᠭᠠᠯᠠᠬᠤ ᠵᠣᠷᠢᠯᠲᠠ᠂ ᠢᠮᠠᠭᠲᠠ ᠵᠣᠷᠢᠭᠲᠠᠢ ᠪᠠᠶᠢᠯᠳᠤᠵᠤ ᠵᠠᠪᠠᠯ ᠢᠯᠠᠬᠤ᠂ ᠢᠮᠠᠭᠲᠠ ᠪᠦᠯᠬᠦᠮᠳᠡᠨ ᠲᠡᠮᠡᠴᠡᠬᠦ᠂ ᠢᠮᠠᠭᠲᠠ ᠴᠢᠳᠠᠪᠤᠷᠢᠲᠠᠨ ᠴᠣᠯᠭᠤᠷᠠᠨ ᠭᠠᠷᠬᠤ᠂ ᠢᠮᠠᠭᠲᠠ ᠠᠷᠢᠭᠤᠨ ᠴᠡᠪᠡᠷ ᠢᠷᠠᠭᠤ ᠠᠯᠳᠠᠷ ᠲᠠᠢ᠂ ᠢᠮᠠᠭᠲᠠ ᠬᠠᠤᠯᠢ ᠰᠠᠬᠢᠯᠭ᠎ᠠ ᠴᠢᠩᠭ᠎ᠠ ᠲᠣᠳᠣᠷᠬᠠᠢ ᠪᠠᠶᠢᠬᠤ ᠶᠢ ᠦᠨᠡᠨ ᠬᠦ ᠪᠠᠲᠤᠯᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃      ︽ᠲᠣᠭᠲᠠᠭᠠᠯ︾ ᠳᠤ᠂ ᠴᠡᠷᠢᠭ ᠠᠩᠭᠢ ᠶᠢᠨ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠨ ᠠᠬᠢᠭᠤᠯᠬᠤ ᠨᠢ ᠤᠯᠤᠰ ᠲᠥᠷᠥ ᠪᠠᠷ ᠴᠡᠷᠢᠭ ᠢ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠡᠷᠬᠡᠪᠰᠢ ᠲᠥᠪ ᠴᠢᠩᠭ᠎ᠠ ᠪᠥᠭᠡᠳ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ᠂ ᠡᠷᠡᠰ ᠪᠠᠲᠤ ᠵᠣᠷᠢᠭ ᠪᠠ ᠪᠣᠳᠠᠲᠠᠢ ᠶᠢ ᠡᠷᠭᠢᠮᠯᠡᠭᠦ ᠰᠤᠷᠲᠠᠯ ᠢᠶᠠᠷ ᠡᠴᠦᠰ ᠲᠤᠨᠢ ᠲᠤᠯᠲᠠᠯ᠎ᠠ ᠠᠳᠬᠤᠵᠤ᠂ ᠲᠡᠮᠡᠴᠡᠯ ᠬᠢᠬᠦ᠂ ᠲᠡᠶᠢᠨ ᠳᠤ ᠪᠡᠯᠡᠳᠬᠡᠬᠦ᠂ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠶᠢ ᠨᠢᠭᠡ ᠴᠣᠭᠴᠠᠵᠢᠭᠤᠯᠤᠨ ᠠᠬᠢᠭᠤᠯᠬᠤ ᠳᠤ ᠠᠭᠤᠰᠤᠯᠴᠠᠭᠤᠯᠵᠤ᠂ ᠬᠠᠨᠳᠤᠯᠭᠠᠲᠤ ᠴᠢᠨᠠᠷ ᠣᠨᠣᠪᠴᠢ ᠶᠢᠨ ᠬᠡᠮᠵᠢᠶ᠎ᠡ ᠶᠢ ᠴᠢᠩᠭᠠᠳᠬᠠᠵᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠬᠦᠴᠦᠷᠬᠡᠭ ᠶᠡᠭᠡ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号