ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠭᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠮᠠᠨ ᠤ ᠰᠢᠶᠠᠨ ᠳᠤ ᠢᠷᠡᠵᠦ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/15
   7 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠭᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠮᠠᠨ ᠤ ᠰᠢᠶᠠᠨ ᠳᠤ ᠢᠷᠡᠵᠦ᠂ ᠰᠢᠶᠠᠨ ᠤ ᠡᠪᠯᠡᠯ ᠤᠨ ᠬᠤᠷᠢᠶ᠎ᠠ ᠯᠤᠭ᠎ᠠ ᠬᠠᠮᠲᠤ ᠪᠠᠷ ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠠ ᠶᠠᠩ ᠭᠤᠸᠠᠩ ᠨᠡᠶᠢᠭᠡᠮ ᠲᠣᠭᠤᠷᠢᠭ ᠲᠤ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠠᠴᠠ ᠡᠮᠦᠨ᠎ᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠭᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶ᠎ᠠ ᠶᠢᠨ ᠵᠤᠨ ᠤ ᠠᠮᠠᠷᠠᠯᠲᠠ ᠶᠢᠨ ᠬᠤᠭᠤᠴᠠᠭᠠᠨ ᠤ ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠬᠢᠭᠡᠳ ᠰᠢᠶᠠᠨ ᠤ ᠡᠪᠯᠡᠯ ᠤᠨ ᠬᠤᠷᠢᠶ᠎ᠠ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠶᠢᠨ ᠴᠢᠬᠤᠯᠠ ᠴᠢᠨᠠᠷ ᠪᠠ ᠠᠴᠢ ᠬᠤᠯᠪᠣᠭᠳᠠᠯ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠵᠦ᠂ ᠣᠶᠢᠷ᠎ᠠ ᠶᠢᠨ ᠬᠡᠳᠦᠨ ᠵᠢᠯ ᠳᠤ ᠮᠠᠨ ᠤ ᠰᠢᠶᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠯᠣᠭᠰᠠᠨ ᠦᠷ᠎ᠡ ᠪᠦᠲᠦᠮᠵᠢ ᠶᠢ ᠨᠠᠷᠢᠨ ᠣᠶᠢᠯᠠᠭᠠᠪᠠ᠃
   ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠪᠣᠯᠣᠨ ᠶᠠᠩ ᠭᠤᠸᠠᠩ ᠨᠡᠶᠢᠭᠡᠮ ᠲᠣᠭᠤᠷᠢᠭ ᠲᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ︽ᠰᠢᠯᠦᠭ ᠳᠠᠭᠤᠯᠠᠯ︾᠂ ︽ᠺᠢᠨᠣ᠋ ᠲᠧᠯᠸᠢᠰ ᠵᠦᠴᠦᠭᠡ ᠶᠢᠨ ᠠᠪᠢᠶ᠎ᠠ ᠲᠠᠭᠠᠷᠠᠭᠤᠯᠬᠤ︾ ᠪᠠ ︽ᠬᠡᠯᠡ ᠪᠣᠯᠪᠠᠰᠤᠷᠠᠭᠤᠯᠬᠤ ᠦᠭᠡ ᠶᠢᠨ ᠥᠷᠢᠰᠦᠯᠳᠦᠭᠡᠨ︾ ᠢᠶᠠᠷ ︽ᠮᠥᠰᠥ ᠬᠠᠭᠠᠯᠬᠤ ᠪᠠᠭᠠᠵᠢ︾ ᠪᠣᠯᠭᠠᠵᠤ᠂ ᠰᠣᠨᠣᠰᠤᠭᠴᠢᠳ ᠲᠤ ᠨᠡᠶᠢᠲᠡᠯᠢᠭ ᠬᠡᠯᠡ ᠶᠢᠨ ᠡᠭᠦᠰᠦᠯ᠂ ᠶᠠᠭᠤᠨ ᠤ ᠤᠴᠢᠷ ᠠᠴᠠ ᠨᠡᠶᠢᠲᠡᠯᠢᠭ ᠬᠡᠯᠡ ᠶᠢ ᠰᠤᠷᠴᠤ᠂ ᠨᠡᠶᠢᠲᠡᠯᠢᠭ ᠬᠡᠯᠡ ᠶᠢ ᠬᠡᠷᠬᠢᠨ ᠰᠠᠶᠢᠲᠤᠷ ᠰᠤᠷᠬᠤ ᠵᠢᠴᠢ ᠨᠡᠶᠢᠲᠡᠯᠢᠭ ᠬᠡᠯᠡ ᠶᠢ ᠳᠡᠯᠭᠡᠷᠡᠭᠦᠯᠬᠦ ᠶᠢᠨ ᠴᠢᠬᠤᠯᠠ ᠴᠢᠨᠠᠷ ᠢ ᠶᠠᠷᠢᠵᠤ᠂ ᠰᠠᠭᠤᠭᠠᠯᠢ ᠠᠷᠠᠳ ᠲᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠷᠠᠯᠢᠭ ᠤᠨ ᠷᠢᠳᠢ ᠰᠢᠳᠢ ᠶᠢ ᠳᠡᠯᠭᠡᠷᠡᠭᠦᠯᠵᠦ᠂ ᠡᠭᠦᠨ ᠢᠶᠠᠷ ᠰᠤᠷᠤᠯᠴᠠᠬᠤ ᠤᠷᠮ᠎ᠠ ᠪᠠᠬ᠎ᠠ ᠶᠢ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠪᠦᠯᠬᠦᠮ ᠨᠡᠶᠢᠲᠡ ᠶᠢᠨ ᠭᠡᠰᠢᠭᠦᠳ ᠨᠢᠭᠤᠷᠲᠠᠨ ᠰᠤᠷᠪᠤᠯᠵᠢᠯᠠᠵᠤ ᠰᠣᠯᠢᠯᠴᠠᠬᠤ ᠬᠡᠯᠪᠡᠷᠢ ᠪᠠᠷ ᠰᠠᠭᠤᠭᠠᠯᠢ ᠠᠷᠠᠳ ᠤᠨ ᠨᠡᠶᠢᠲᠡᠯᠢᠭ ᠬᠡᠯᠡ ᠶᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠬᠡᠷᠡᠭᠯᠡᠬᠦ ᠬᠡᠷᠡᠭᠴᠡᠭᠡ ᠶᠢ ᠣᠶᠢᠯᠠᠭᠠᠬᠤ ᠶᠢᠨ ᠬᠠᠮᠲᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠡᠶᠢᠲᠡᠯᠢᠭ ᠬᠡᠯᠡᠨ ᠤ ᠮᠡᠳᠡᠯᠭᠡ ᠶᠢ ᠲᠦᠭᠡᠮᠡᠯᠵᠢᠭᠦᠯᠵᠦ᠂ ᠨᠡᠶᠢᠲᠡᠯᠢᠭ ᠬᠡᠯᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠪᠠᠭ᠋ᠠᠳᠤᠯ ᠢᠶᠠᠷ ᠪᠢᠯᠬᠠᠵᠤ᠂ ᠣᠷᠣᠯᠴᠠᠭᠰᠠᠳ ᠨᠢᠭᠡᠪᠦᠷᠢ ᠴᠥᠮ ᠮᠡᠳᠡᠯᠭᠡ ᠪᠠ ᠢᠲᠡᠭᠡᠯ ᠢ ᠣᠯᠣᠭᠰᠠᠨ ᠪᠠᠶᠢᠨ᠎ᠠ᠃ ᠣᠯᠠᠨ ᠢᠶᠠᠷ ᠢᠶᠠᠨ᠂ ᠡᠨᠡ ᠤᠳᠠᠭᠠᠨ ᠤ ᠲᠦᠭᠡᠮᠡᠯᠵᠢᠭᠦᠯᠬᠦ ᠠᠵᠢᠯᠯᠠᠭ᠎ᠠ ᠪᠠᠷ ᠳᠡᠮᠵᠢᠨ᠂ ᠨᠡᠶᠢᠲᠡᠯᠢᠭ ᠬᠡᠯᠡᠨ ᠤ ᠴᠢᠬᠤᠯᠠ ᠴᠢᠨᠠᠷ ᠤᠨ ᠲᠤᠬᠠᠢ ᠨᠠᠩ ᠭᠦᠨᠵᠡᠭᠡᠢ ᠲᠠᠨᠢᠯᠲᠠ ᠲᠠᠢ ᠪᠣᠯᠤᠭᠰᠠᠨ ᠪᠥᠭᠡᠳ ᠡᠳᠦᠷ ᠲᠤᠲᠤᠮ ᠤᠨ ᠠᠮᠢᠳᠤᠷᠠᠯ ᠤᠨ ᠳᠤᠮᠳᠠ ᠨᠡᠶᠢᠲᠡᠯᠢᠭ ᠬᠡᠯᠡ ᠶᠢ ᠢᠯᠡᠭᠦᠬᠡᠨ ᠬᠡᠷᠡᠭᠯᠡᠵᠦ᠂ ᠥᠪᠡᠷ ᠤᠨ ᠦᠭᠡ ᠬᠡᠯᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤᠷᠠᠲᠠᠢ ᠭᠡᠵᠦ ᠢᠯᠡᠳᠬᠡᠵᠡᠭᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠠᠭᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠨᠡᠶᠢᠲᠡᠯᠢᠭ ᠬᠡᠯᠡ ᠶᠢ ᠳᠡᠯᠭᠡᠷᠡᠭᠦᠯᠬᠦ ᠶᠢᠨ ᠬᠠᠮᠲᠤ ᠪᠠᠰᠠ ᠵᠢᠯᠣᠭᠤᠴᠢ ᠦᠭᠡᠢ ᠨᠢᠰᠬᠡᠯ ᠤᠨ ᠵᠢᠭᠠᠨ ᠰᠤᠷᠭᠠᠯᠲᠠ ᠶᠢ ᠥᠷᠨᠢᠭᠦᠯᠪᠡ᠃ ᠲᠡᠳᠡ ᠰᠤᠷᠤᠭᠴᠢᠳ ᠲᠤ ᠵᠢᠯᠣᠭᠤᠴᠢ ᠦᠭᠡᠢ ᠨᠢᠰᠬᠡᠯ ᠢ ᠵᠢᠭᠠᠨ ᠵᠢᠯᠤᠭᠤᠳᠴᠤ᠂ ᠰᠤᠷᠤᠭᠴᠢᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠷ᠎ᠠ ᠰᠣᠨᠢᠷᠬᠠᠯ ᠢ ᠬᠥᠭᠵᠢᠭᠡᠬᠦ ᠶᠢᠨ ᠬᠠᠮᠲᠤ ᠪᠠᠰᠠ ᠲᠡᠳᠡᠨ ᠳᠤ ᠦᠢᠯᠡᠳᠦᠯᠭᠡ ᠶᠢᠨ ᠠᠵᠢᠯᠯᠠᠭ᠎ᠠ ᠬᠠᠩᠭᠠᠬᠤ ᠲᠣᠬᠢᠶᠠᠯ ᠬᠠᠩᠭᠠᠵᠤ᠂ ᠭᠠᠷ ᠬᠥᠳᠡᠯᠬᠦ ᠴᠢᠳᠠᠪᠤᠷᠢ ᠶᠢ ᠨᠢ ᠨᠡᠮᠡᠭᠳᠡᠭᠦᠯᠪᠡ᠃    ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠭᠠᠷ ᠤᠨ ᠠᠶᠠᠯᠠᠯ ᠤᠨ ᠳᠡᠭᠡᠳᠦ ᠰᠤᠷᠭᠠᠭᠤᠯᠢ ᠶᠢᠨ ᠨᠡᠶᠢᠭᠡᠮ ᠤᠨ ᠦᠢᠯᠡᠳᠦᠯᠭᠡ ᠶᠢᠨ ᠪᠦᠯᠬᠦᠮ ᠪᠣᠯ 2024 ᠣᠨ ᠤ ︽ᠨᠡᠶᠢᠲᠡᠯᠢᠭ ᠬᠡᠯᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠥᠬᠦ ᠤᠯᠤᠰ ᠤᠨ ᠣᠶᠤᠲᠠᠳ ᠤᠨ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠪᠦᠯᠬᠦᠮ ᠤᠨ ᠨᠢᠭᠡ ᠪᠣᠯᠣᠨ᠎ᠠ᠃ ︽ᠨᠡᠶᠢᠲᠡᠯᠢᠭ ᠬᠡᠯᠡ ᠶᠢ ᠲᠦᠭᠡᠮᠡᠯᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠪᠦᠬᠦ ᠤᠯᠤᠰ ᠤᠨ ᠣᠶᠤᠲᠠᠳ ᠤᠨ ᠵᠣᠨ ᠤ ᠠᠮᠠᠷᠠᠯᠲᠠ ᠶᠢᠨ ᠨᠡᠶᠢᠭᠡᠮ ᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠰᠤᠷᠭᠠᠨ ᠬᠥᠮᠦᠵᠢᠯ ᠤᠨ ᠶᠠᠮᠤᠨ ᠤ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠵᠤᠷᠭᠠᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠵᠠᠯᠠᠭᠤᠴᠤᠳ ᠤᠨ ᠬᠥᠭᠵᠢᠯᠲᠡ ᠶᠢᠨ ᠶᠠᠮᠤᠨ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠦᠢᠯᠡᠴᠢᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ 2024 ᠣᠨ ᠳᠤ ᠨᠡᠶᠢᠲᠡ 1452 ᠶᠡᠭᠡ ᠳᠡᠭᠡᠳᠦ ᠰᠤᠷᠭᠠᠭᠤᠯᠢ ᠶᠢᠨ 6998 ᠰᠠᠯᠪᠤᠷᠢ ᠪᠦᠯᠬᠦᠮ ᠠᠴᠠ ᠨᠡᠷ᠎ᠡ ᠮᠡᠳᠡᠭᠦᠯᠵᠦ᠂ ᠡᠴᠦᠰ ᠲᠤ 1200 ᠪᠦᠯᠬᠦᠮ ᠰᠣᠩᠭᠤᠭᠳᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号