ᠮᠧᠨ ᠲᠧᠦ ᠭᠧᠦ ᠲᠣᠭᠤᠷᠢᠭ ᠤᠨ 2024 ᠣᠨ ᠤ ︽ᠬᠠᠪᠤᠷ ᠤᠨ ᠪᠣᠷᠣᠭᠠᠨ ᠤ ᠢᠨᠵᠧᠨᠧᠷᠢᠩ︾ ᠤᠨ ᠰᠢᠷᠢᠰ ᠠᠵᠢᠯᠯᠠᠭ᠎ᠠ ᠵᠢᠴᠢ ᠦᠴᠦᠸᠠᠨ ᠰᠢᠶᠠᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠤᠰᠬᠠᠢ ᠲᠣᠭᠯᠠᠯᠲᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/7/15
     7 ᠰᠠᠷ᠎ᠠ ᠶᠢᠨ 11 ᠤ ᠣᠷᠣᠢ᠂ ᠪᠡᠭᠡᠵᠢᠩ ᠬᠤᠲᠠ ᠶᠢᠨ ᠮᠧᠨ ᠲᠧᠦ ᠭᠧᠦ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠵᠢᠯᠴᠠᠨ ᠡᠷᠭᠢᠯᠡᠭᠰᠡᠨ ︽ᠮᠧᠨ ᠲᠧᠦ ᠭᠧᠦ ᠲᠣᠭᠤᠷᠢᠭ ᠤᠨ 2024 ᠣᠨ ᠤ ᠬᠠᠪᠤᠷ ᠤᠨ ᠪᠣᠷᠣᠭᠠᠨ ᠤ ᠢᠨᠵᠧᠨᠧᠷᠢᠩ ᠤᠨ ᠰᠢᠷᠢᠰ ᠠᠵᠢᠯᠯᠠᠭ᠎ᠠ ᠵᠢᠴᠢ ᠦᠴᠦᠸᠠᠨ ᠰᠢᠶᠠᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠤᠰᠬᠠᠢ ᠲᠣᠭᠯᠠᠯᠲᠠ︾ ᠶᠢᠨ ᠠᠵᠢᠯᠯᠠᠭ᠎ᠠ ᠮᠧᠨ ᠲᠧᠦ ᠭᠧᠦ ᠲᠣᠭᠤᠷᠢᠭ ᠤᠨ ᠺᠢᠨᠣ᠋ ᠵᠦᠴᠦᠭᠡ ᠶᠢᠨ ᠬᠦᠷᠢᠶᠡᠯᠡᠩ ᠳᠤ ᠡᠬᠢᠯᠡᠪᠡ᠃ ᠮᠧᠨ ᠲᠧᠦ ᠭᠧᠦ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠼᠦᠢ ᠫᠢᠩ᠂ ᠮᠧᠨ ᠲᠧᠦ ᠭᠧᠦ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠴᠢᠶᠠᠩ ᠵᠢᠴᠢ ᠦᠴᠦᠸᠠᠨ ᠰᠢᠶᠠᠨ ᠤ ᠤᠳᠤᠷᠢᠳᠤᠯᠭ᠎ᠠ ᠯᠢ ᠮᠢᠨ᠂ ᠷᠦᠩ ᠱᠢ ᠱᠧᠩ ᠠᠵᠢᠯᠯᠠᠭ᠎ᠠ ᠳᠤ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠬᠤᠶᠠᠷ ᠭᠠᠵᠠᠷ ᠤᠨ ᠬᠠᠮᠵᠢᠯᠴᠠᠨ ᠬᠥᠭᠵᠢᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠦᠷᠭᠦᠯᠵᠢᠯᠡᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠶᠢ ᠠᠬᠢᠭᠤᠯᠤᠭᠰᠠᠨ ᠪᠠᠶᠢᠨ᠎ᠠ᠃ ᠢᠷᠡᠭᠡᠳᠦᠢ ᠳᠤ᠂ ᠬᠤᠶᠠᠷ ᠲᠠᠯ᠎ᠠ ᠪᠠᠷ ᠢᠶᠠᠨ ᠪᠠᠰᠠ ︽ᠬᠠᠪᠤᠷ ᠤᠨ ᠪᠣᠷᠣᠭᠠᠨ ᠤ ᠢᠨᠵᠧᠨᠧᠷᠢᠩ︾ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠢᠶᠠᠷ ᠬᠢᠯᠢ ᠶᠢ ᠤᠮᠳᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠬᠦᠴᠦᠲᠡᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠰᠣᠶᠣᠯ ᠴᠢᠳᠠᠪᠤᠷᠢᠲᠠᠨ ᠤ ᠰᠣᠯᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠴᠣᠭᠴᠠᠯᠠᠬᠤ᠂ ᠰᠢᠯᠦᠭ ᠵᠢᠷᠤᠭ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠤᠯᠠᠨ ᠬᠦᠷᠢᠶᠡᠨ ᠳᠤ ᠬᠠᠮᠲᠤᠷᠠᠯᠴᠠᠭ᠎ᠠ ᠬᠢᠬᠦ ᠶᠢ ᠴᠢᠨᠠᠭᠰᠢᠳᠠ ᠰᠦᠪᠡᠭᠴᠢᠯᠡᠵᠦ᠂ ᠭᠠᠵᠠᠷ ᠣᠷᠣᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃      ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠦᠴᠦᠸᠠᠨ ᠰᠢᠶᠠᠨ ᠤ ᠲᠠᠨᠢᠯᠴᠠᠭᠤᠯᠭ᠎ᠠ ᠬᠢᠵᠦ᠂ ᠬᠤᠷᠠᠯ ᠳᠤ ᠣᠷᠣᠯᠴᠠᠭᠰᠠᠳ ᠦᠴᠦᠸᠠᠨ ᠰᠢᠶᠠᠨ ᠤ ᠪᠠᠶᠢᠭᠠᠯᠢ ᠶᠢᠨ ᠥᠩᠭᠡ ᠦᠵᠡᠮᠵᠢ ᠪᠣᠯᠣᠨ ᠭᠦᠨ ᠵᠤᠵᠠᠭᠠᠨ ᠰᠣᠶᠣᠯ ᠤᠨ ᠠᠭᠤᠯᠬᠤᠨ ᠢ ᠣᠶᠢᠯᠠᠭᠠᠪᠠ᠃      ᠪᠥᠵᠢᠭ ︽ᠲᠤᠭᠤᠷᠠᠢ ᠶᠢᠨ ᠮᠥᠷ︾ ᠲᠣᠰ ᠤᠳᠠᠭᠠᠨ ᠤ ᠲᠣᠭᠯᠠᠯᠲᠠ ᠶᠢᠨ ᠬᠥᠰᠢᠭᠡ ᠶᠢ ᠰᠡᠲᠡᠯᠵᠦ᠂ ᠪᠥᠵᠢᠭᠴᠢᠳ ᠤᠨ ᠭᠤᠶᠢᠳᠠ ᠰᠠᠶᠢᠬᠠᠨ ᠪᠥᠵᠢᠭ ᠤᠨ ᠳᠦᠷᠢ ᠲᠥᠷᠬᠦ ᠪᠠ ᠠᠮᠢᠳᠤᠯᠢᠭ ᠬᠥᠭ ᠠᠶᠠᠰ ᠠᠬᠤᠢ ᠲᠠᠯᠠᠪᠠᠶ ᠶᠢᠨ ᠠᠭᠤᠷ ᠠᠮᠢᠰᠬᠤᠯ ᠢ ᠬᠥᠭᠵᠢᠭᠡᠪᠡ᠃
    ᠰᠡᠳᠬᠢᠯ ᠬᠥᠳᠡᠯᠭᠡᠮ᠎ᠡ ᠳᠠᠭᠤᠤ ᠨᠤᠭᠤᠳ᠂ ᠣᠷᠭᠢᠯᠤᠮ᠎ᠠ ᠬᠠᠯᠠᠭᠤᠨ ᠬᠥᠭᠵᠢᠮ᠂ ᠬᠡᠰᠡᠭ ᠬᠡᠰᠡᠭ ᠭᠤᠶᠢᠳᠠ ᠰᠠᠶᠢᠬᠠᠨ ᠪᠥᠵᠢᠭ ᠤᠳ ᠵᠠᠯᠭᠠᠭ᠎ᠠ ᠪᠠᠷ ᠲᠣᠭᠯᠠᠵᠤ᠂ ᠦᠵᠡᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃
     ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠣᠭᠰᠠᠨ ᠢᠶᠠᠷ ᠪᠠᠷᠠᠬᠤ ᠦᠭᠡᠢ ᠪᠠᠰᠠ ᠬᠤᠶᠠᠷ ᠭᠠᠵᠠᠷ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠥᠩᠭᠡ ᠨᠡᠮᠡᠷᠢᠯᠡᠪᠡ᠃      ᠲᠣᠰ ᠤᠳᠠᠭᠠᠨ ᠤ ᠠᠵᠢᠯᠯᠠᠭ᠎ᠠ ᠳᠤ ᠪᠠᠰᠠ ᠦᠴᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ ᠶᠢᠨ ᠦᠵᠡᠭᠦᠯᠭᠡ ᠶᠢᠨ ᠲᠣᠭᠤᠷᠢᠭ ᠢ ᠲᠣᠬᠢᠷᠠᠭᠤᠯᠪᠠ᠃ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠴᠠᠭᠠᠰᠤᠨ ᠬᠠᠶᠢᠴᠢᠯᠠᠮᠠᠯ ᠤᠨ ᠷᠢᠳᠢ ᠰᠢᠳᠢ ᠶᠢ ᠢᠯᠡᠷᠡᠭᠦᠯᠵᠦ᠂ ᠶᠤᠤᠮᠠᠢ ᠶᠢᠨ ᠭᠤᠯᠢᠷ ᠢᠳᠡᠭᠡᠨ ᠦᠢᠯᠡᠳᠬᠦ ᠤᠷ᠎ᠠ ᠮᠡᠷᠭᠡᠵᠢᠯ ᠨᠢ ᠨᠠᠩ ᠴᠤ ᠬᠥᠮᠥᠰ ᠢ ᠭᠠᠶᠢᠬᠠᠭᠤᠯᠵᠤ᠂ ᠲᠣᠭᠤᠷᠢᠨ ᠦᠵᠡᠭᠰᠡᠨ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠵᠤ᠂ ᠶᠤᠤᠮᠠᠢ ᠶᠢᠨ ᠭᠤᠯᠢᠷ ᠤᠨ ᠯᠤᠤ ᠵᠡᠷᠭᠡ ᠤᠯᠠᠮᠵᠢᠯᠠᠯᠲᠤ ᠳᠦᠷᠰᠦ ᠪᠦᠲᠦᠭᠡᠯᠲᠡ ᠨᠢ ᠶᠤᠤᠮᠠᠢ ᠶᠢᠨ ᠭᠤᠯᠢᠷ ᠤᠨ ᠣᠯᠠᠨ ᠶᠠᠩᠵᠤᠲᠤ ᠴᠢᠨᠠᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠦᠴᠦᠸᠠᠨ ᠰᠢᠶᠠᠨ ᠤ ᠠᠷᠠᠳ ᠲᠦᠮᠡᠨ ᠤ ᠢᠳᠡᠭᠡᠨ ᠤᠮᠳᠠᠭᠠᠨ ᠤ ᠰᠣᠶᠣᠯ ᠤᠨ ᠲᠤᠬᠠᠢ ᠥᠪᠡᠷᠮᠢᠴᠡ ᠣᠶᠢᠯᠠᠭᠠᠯᠲᠠ ᠪᠠ ᠠᠮᠢᠳᠤᠷᠠᠯ ᠳᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠶᠢ ᠴᠦ ᠨᠠᠩ ᠢᠯᠡᠭᠦᠦ ᠳᠠᠮᠵᠢᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号