ᠭᠦᠭᠡᠬᠤᠲᠠ ᠶᠢᠨ ᠨᠢᠰᠬᠡᠯ ᠤᠨ ᠪᠠᠭᠤᠳᠠᠯ ᠵᠣᠨ ᠤ ᠠᠮᠠᠷᠠᠯᠲᠠ ᠶᠢᠨ ᠵᠥᠭᠡᠭᠡᠪᠦᠷᠢ ᠶᠢ ᠬᠦᠴᠦᠯᠡᠨ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/7/15
     ᠭᠦᠭᠡᠬᠤᠲᠠ ᠶᠢᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ ᠢᠶᠠᠷ᠂ ᠵᠣᠨ ᠤ ᠠᠮᠠᠷᠠᠯᠲᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠲᠤᠰ ᠨᠢᠰᠬᠡᠯ ᠤᠨ ᠪᠠᠭᠤᠳᠠᠯ ᠵᠥᠭᠡᠭᠡᠪᠦᠷᠢ ᠶᠢᠨ ᠬᠦᠴᠦᠨ ᠢᠶᠠᠨ ᠨᠡᠮᠡᠭᠳᠡᠭᠦᠯᠦᠨ᠂ ᠠᠭᠠᠷ ᠤᠨ ᠠᠶᠠᠯᠠᠯ ᠤᠨ ᠱᠤᠭᠤᠮ ᠤᠨ ᠲᠣᠣᠷ ᠢᠶᠠᠨ ᠰᠢᠯᠢᠳᠡᠭᠵᠢᠭᠦᠯᠵᠦ᠂ ᠵᠢᠱᠢᠯᠲᠡ ᠪᠠᠷ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ 400 ᠠᠴᠠ ᠳᠠᠪᠠᠭᠤᠯᠬᠤ ᠶᠢ ᠪᠠᠲᠤᠯᠠᠵᠤ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠬᠤ ᠪᠣᠯᠣᠨ᠎ᠠ᠃      ᠣᠷᠣᠨ ᠤ ᠭᠠᠳᠠᠨᠠᠬᠢ ᠡᠭᠡᠯᠵᠢ ᠶᠢᠨ ᠨᠢᠰᠬᠡᠯ ᠤᠨ ᠲᠠᠯ᠎ᠠ ᠪᠠᠷ᠂ ᠭᠦᠭᠡᠬᠤᠲᠠ ᠶᠢᠨ ᠨᠢᠰᠬᠡᠯ ᠤᠨ ᠪᠠᠭᠤᠳᠠᠯ ᠭᠤᠣᠯᠳᠠᠭᠤ ᠱᠠᠩᠬᠠᠢ᠂ ᠭᠤᠸᠠᠩᠵᠧᠦ᠂ ᠺᠦᠨᠮᠢᠩ᠂ ᠬᠠᠶᠢᠺᠧᠦ᠂ ᠴᠧᠩᠳᠦ᠋᠂ ᠴᠦᠩᠴᠢᠩ᠂ ᠰᠢᠶᠠᠮᠧ᠂ ᠮᠦᠭᠳᠡᠨ᠂ ᠵᠧᠩᠵᠧᠦ᠂ ᠨᠠᠨᠵᠢᠩ᠂ ᠴᠠᠩᠱᠠ᠂ ᠦᠬᠠᠨ᠂ ᠨᠠᠨᠴᠠᠩ᠂ ᠾᠧᠹᠧᠢ᠂ ᠵᠢᠨᠠᠨ᠂ ᠴᠠᠩᠴᠦ᠋ᠨ᠂ ᠳ᠋ᠠᠯᠢᠶᠠᠨ ᠬᠦᠷᠬᠦ ᠡᠭᠡᠯᠵᠢ ᠶᠢᠨ ᠨᠢᠰᠬᠡᠯ ᠢ ᠨᠢᠭᠲᠠᠷᠠᠭᠤᠯᠪᠠ᠃ ᠡᠭᠦᠨ ᠳᠤ ᠭᠦᠭᠡᠬᠤᠲᠠ - ᠭᠤᠸᠠᠩᠵᠧᠦ ᠬᠦᠷᠬᠦ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ  ᠤᠨ ᠲᠤᠭ᠎ᠠ ᠶᠢ ᠵᠢᠱᠢᠯᠲᠡ ᠪᠠᠷ 7 ᠪᠣᠯᠭᠠᠨ᠂ ᠭᠦᠭᠡᠬᠤᠲᠠ - ᠱᠠᠩᠬᠠᠢ ᠬᠦᠷᠬᠦ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ ᠵᠢᠱᠢᠯᠲᠡ ᠪᠠᠷ 9 -10 ᠪᠤᠯᠭᠠᠵᠣ᠂ ᠭᠦᠭᠡᠬᠤᠲᠠ - ᠴᠧᠩᠳᠦ᠋ ᠬᠦᠷᠬᠦ ᠡᠳᠦᠷ ᠳᠤᠮᠳᠠᠴᠢ  ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ ᠵᠢᠱᠢᠯᠲᠡ ᠪᠠᠷ 8 - 9 ᠪᠣᠯᠭᠠᠨ᠎ᠠ᠃ ᠡᠭᠦᠨ ᠤ ᠬᠠᠮᠲᠤ ᠭᠦᠭᠡᠬᠤᠲᠠ  ᠠᠴᠠ ᠱᠠᠩᠬᠠᠢ᠂ ᠭᠤᠸᠠᠩᠵᠧᠦ᠂ ᠴᠧᠩᠳᠦ᠋᠂ ᠺᠦᠨᠮᠢᠩ᠂ ᠬᠠᠩᠵᠧᠦ᠂ ᠨᠠᠨᠵᠢᠩ᠂ ᠦᠷᠦᠮᠴᠢ᠂ ᠴᠢᠩᠳᠣᠣ᠂ ᠬᠠᠷᠪᠢᠨ ᠬᠦᠷᠬᠦ ᠠᠶᠠᠯᠠᠯ ᠤᠨ ᠴᠡᠭ ᠲᠤ ᠥᠷᠭᠡᠨ ᠪᠡᠶᠡᠲᠦ ᠠᠶᠠᠨᠴᠢᠳ ᠤᠨ ᠨᠢᠰᠬᠡᠯ ᠢ ᠰᠢᠨ᠎ᠡ ᠪᠠᠷ ᠨᠡᠮᠡᠵᠦ ᠠᠵᠢᠯᠯᠠᠭᠤᠯᠬᠤ ᠪᠠᠷ ᠲᠥᠯᠥᠪᠯᠡᠵᠦ᠂ ᠨᠢᠭᠡ ᠡᠳᠦᠷ ᠲᠤ ᠬᠠᠮᠤᠭ ᠤᠨ ᠤᠯᠠᠨ ᠳᠠᠭᠠᠨ ᠥᠷᠭᠡᠨ ᠪᠡᠶᠡᠲᠦ ᠠᠶᠠᠨᠴᠢᠳ ᠤᠨ ᠨᠢᠰᠬᠡᠯ ᠢ 22 ᠡᠭᠡᠯᠵᠢ ᠨᠢᠰᠬᠡᠬᠦ ᠪᠠᠷ ᠲᠥᠯᠥᠪᠯᠡᠵᠦ ᠪᠠᠶᠢᠨ᠎ᠠ᠃      ᠣᠷᠣᠨ ᠤ ᠳᠣᠲᠣᠷᠠᠬᠢ ᠡᠭᠡᠯᠵᠢ ᠶᠢᠨ ᠨᠢᠰᠬᠡᠯ ᠤᠨ ᠲᠠᠯ᠎ᠠ ᠪᠠᠷ᠂ ᠭᠦᠭᠡᠬᠤᠲᠠ ᠠᠴᠠ ᠤᠯᠠᠭᠠᠨᠬᠠᠳᠠ᠂ ᠲᠦᠩᠯᠢᠶᠣᠣ᠂ ᠰᠢᠯᠢᠩᠬᠤᠲᠠ᠂ ᠤᠯᠠᠭᠠᠨᠬᠤᠲᠠ᠂ ᠦᠬᠠᠢ᠂ ᠪᠠᠶᠠᠨᠨᠠᠭᠤᠷ ᠬᠦᠷᠬᠦ ᠴᠢᠭᠯᠡᠯ ᠤᠨ ᠡᠭᠡᠯᠵᠢ ᠶᠢᠨ ᠨᠢᠰᠬᠡᠯ ᠢ ᠨᠢᠭᠲᠠᠷᠠᠭᠤᠯᠪᠠ᠃ ᠡᠭᠦᠨ ᠳᠤ ᠭᠦᠭᠡᠬᠤᠲᠠ - ᠤᠯᠠᠭᠠᠨᠬᠠᠳᠠ ᠬᠦᠷᠬᠦ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ  ᠤᠨ ᠲᠤᠭ᠎ᠠ ᠶᠢ ᠵᠢᠱᠢᠯᠲᠡ ᠪᠠᠷ 14 -15 ᠪᠣᠯᠭᠠᠨ᠂ ᠲᠦᠩᠯᠢᠶᠣᠣ ᠬᠦᠷᠬᠦ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ ᠵᠢᠱᠢᠯᠲᠡ ᠪᠠᠷ 12 ᠣᠷᠴᠢᠮ ᠪᠤᠯᠭᠠᠵᠣ᠂ ᠰᠢᠯᠢᠩᠬᠤᠲᠠ ᠬᠦᠷᠬᠦ ᠡᠳᠦᠷ ᠳᠤᠮᠳᠠᠴᠢ ᠶᠢᠨ ᠡᠭᠡᠯᠵᠢ ᠶᠢᠨ ᠨᠢᠰᠬᠡᠯ ᠤᠨ ᠲᠤᠭ᠎ᠠ ᠶᠢ 10 - 11 ᠡᠭᠡᠯᠵᠢ ᠪᠣᠯᠭᠠᠨ᠎ᠠ᠃      ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠲᠠᠯ᠎ᠠ ᠪᠠᠷ᠂ ᠭᠦᠭᠡᠬᠤᠲᠠ ᠶᠢᠨ ᠨᠢᠰᠬᠡᠯ ᠤᠨ ᠪᠠᠭᠤᠳᠠᠯ 7 ᠰᠠᠷ᠎ᠠ ᠶᠢᠨ 4   ᠤ ᠡᠳᠦᠷ ᠠᠴᠠ ᠡᠬᠢᠯᠡᠨ ᠲᠠᠢ ᠤᠯᠤᠰ ᠤᠨ ᠪᠠᠩᠺᠤᠺ ᠲᠤ ᠰᠢᠭᠤᠳ ᠬᠦᠷᠬᠦ ᠠᠶᠠᠯᠠᠯ ᠤᠨ ᠱᠤᠭᠤᠮ  ᠢ ᠰᠡᠷᠭᠦᠭᠡᠵᠦ᠂ 7 ᠰᠠᠷ᠎ᠠ ᠶᠢᠨ 17   ᠤ ᠡᠳᠦᠷ ᠺᠤᠷᠢᠶᠠ ᠶᠢᠨ ᠰᠧᠦ᠋ᠯ ᠳᠤ ᠰᠢᠭᠤᠳ ᠬᠦᠷᠬᠦ ᠠᠶᠠᠯᠠᠯ ᠤᠨ ᠱᠤᠭᠤᠮ  ᠢ ᠰᠢᠨ᠎ᠡ ᠪᠠᠷ ᠨᠡᠭᠡᠭᠡᠬᠦ ᠪᠠᠷ ᠲᠥᠯᠥᠪᠯᠡᠵᠦ ᠪᠤᠶ᠃ ᠭᠦᠭᠡᠬᠤᠲᠠ ᠠᠴᠠ ᠮᠣᠩᠭᠤᠯ ᠤᠯᠤᠰ ᠤᠨ ᠤᠯᠠᠭᠠᠨᠪᠠᠭᠠᠲᠤᠷ ᠬᠦᠷᠬᠦ᠂ ᠪᠢᠷᠮᠠ ᠶᠢᠨ ᠷᠠᠩᠭᠦᠶᠢᠨ ᠵᠢᠴᠢ ᠳᠤᠮᠳᠠᠳᠤ ᠤᠯᠤᠰ ᠤᠨ ᠰᠢᠶᠠᠩᠭᠠᠩ ᠬᠦᠷᠬᠦ ᠠᠶᠠᠯᠠᠯ ᠤᠨ ᠱᠤᠭᠤᠮ ᠢ ᠲᠣᠭᠲᠠᠭᠤᠨ ᠢᠶᠠᠷ ᠡᠵᠡᠩᠨᠡᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号