ᠮᠠᠨ ᠤ ᠣᠷᠣᠨ 7 ᠲᠠᠯ᠎ᠠ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ ᠠᠪᠴᠤ ᠮᠠᠰᠢᠨ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠪᠠᠷ ᠲᠣᠭᠲᠠᠵᠠᠢ
ᠨᠡᠶᠢᠲᠡᠯᠡᠭᠰᠡᠨ ᠴᠠᠭ᠄
2024/7/15
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠮᠠᠰᠢᠨ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠮᠡᠳᠡᠭᠳᠡᠯ︾ ᠪᠠᠭᠤᠯᠭᠠᠵᠤ᠂ 7 ᠲᠠᠯ᠎ᠠ  ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ ᠠᠪᠴᠤ ᠮᠠᠰᠢᠨ ᠲᠡᠷᠭᠡᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠬᠥᠭᠵᠢᠭᠡᠨ᠂ ᠪᠦᠭᠦ ᠣᠷᠣᠨ ᠤ ᠮᠠᠰᠢᠨ ᠲᠡᠷᠭᠡᠨ ᠤ ᠬᠡᠷᠡᠭᠯᠡᠭᠡ ᠶᠢ ᠤᠯᠠᠮ ᠨᠢᠭᠡ ᠠᠯᠬᠤᠮ ᠠᠬᠢᠭᠤᠯᠬᠤ ᠪᠠᠷ ᠲᠣᠭᠲᠠᠵᠠᠢ᠃      ︽ᠮᠡᠳᠡᠭᠳᠡᠯ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠲᠣᠭᠲᠠᠭᠰᠠᠨ ᠨᠥᠬᠦᠴᠡᠯ  ᠳᠤ ᠨᠡᠶᠢᠴᠡᠬᠦ ᠴᠠᠭᠢᠯᠭᠠᠨ ᠴᠡᠨᠡᠭᠯᠡᠬᠦ ᠭᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠵᠤ ᠠᠪᠤᠪᠠᠯ ᠲᠡᠷᠭᠡ ᠪᠦᠷᠢ ᠳᠤ 4 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠤᠯᠭᠤᠨ᠎ᠡ; ᠲᠣᠭᠲᠠᠭᠰᠠᠨ ᠨᠥᠬᠦᠴᠡᠯ ᠳᠤ ᠨᠡᠶᠢᠴᠡᠬᠦ ᠳ᠋ᠢᠶᠠᠨ ᡂᠢ ᠰᠣᠯᠢᠬᠤ ᠭᠡᠯᠪᠡᠷᠢ ᠶᠢᠨ ᠰᠢᠨ᠎ᠡ ᠡᠨᠧᠷᠭᠢ ᠶᠢᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ ᠬᠤᠳᠠᠯᠳᠤᠵᠤ ᠠᠪᠤᠪᠠᠯ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠨ᠎ᠠ; ᠤᠯᠤᠰ ᠠᠴᠠ ᠲᠣᠭᠲᠠᠭᠠᠭᠰᠠᠨ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠢᠨ ᠲᠤᠭᠠᠴᠠᠯᠳᠠ ᠪᠠᠷ ᠰᠢᠲᠠᠭᠠᠯᠭ᠎ᠠ ᠶᠢᠨ ᠲᠣᠰᠣ ︵ᠬᠡᠢ︶ ᠬᠡᠷᠡᠭᠯᠡᠵᠦ ᠪᠠᠶᠢᠭ᠎ᠠ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ ᠪᠠᠨ 12 ᠰᠠᠷ᠎ᠠ ᠠᠴᠠ ᠳᠡᠭᠡᠭᠰᠢ ᠤᠷᠢᠳᠴᠢᠯᠠᠨ ᠰᠢᠨ᠎ᠡ ᠡᠨᠧᠷᠭᠢ ᠶᠢᠨ ᠲᠣᠭᠤᠷᠢᠨ ᠵᠢᠭᠤᠯᠴᠢᠯᠠᠬᠤ ᠲᠦᠷᠢᠶᠡᠰᠦᠨ ᠮᠠᠰᠢᠨ ᠲᠡᠷᠭᠡ ᠪᠠᠷ ᠰᠣᠯᠢᠭᠰᠠᠨ ᠪᠠᠶᠢᠪᠠᠯ ᠲᠡᠷᠭᠡ ᠪᠦᠷᠢ ᠳᠤ ᠲᠠᠭᠢᠨ 5000 ᠲᠥᠭᠦᠷᠢᠭ ᠤᠨ ᠱᠠᠩᠨᠠᠯ ᠣᠯᠭᠤᠨ᠎ᠠ᠃ 2030 ᠣᠨ ᠪᠤᠯᠬᠤ ᠠᠴᠠ ᠡᠮᠦᠨ᠎ᠡ ᠬᠤᠶᠠᠷ ᠪᠦᠯᠦᠭ ᠤᠨ ᠳᠦᠷᠢᠮᠲᠦ ᠴᠠᠭᠢᠯᠭᠠᠨ ᠤ ᠦᠨ᠎ᠡ ᠶᠢ ᠬᠡᠷᠡᠭᠵᠢᠭᠦᠯᠵᠦ ᠪᠠᠶᠢᠭ᠎ᠠ ᠲᠥᠪᠯᠡᠷᠡᠩᠭᠦᠢ ᠭᠡᠯᠪᠡᠷᠢ ᠶᠢᠨ ᠴᠠᠭᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠡᠷᠡᠭᠯᠡᠬᠦ ᠴᠠᠭᠢᠯᠭᠠᠨ ᠠᠴᠠ ᠪᠠᠭᠲᠠᠭᠠᠮᠵᠢ ᠶᠢᠨ ᠴᠠᠭᠢᠯᠭᠠᠨ ᠰᠦᠢᠳᠬᠡᠯ ᠬᠤᠷᠢᠶᠠᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 1 ᠳ᠋ᠦᠩᠰᠢᠭᠤᠷ ᠲᠥᠭᠦᠷᠢᠭ ᠲᠣᠬᠢᠷᠠᠭᠤᠯᠵᠤ᠂ 2024 ᠣᠨ ᠤ 6 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ ᠤᠨ ᠬᠤᠭᠤᠷᠣᠨᠳᠤ ᠨᠥᠬᠦᠴᠡᠯ ᠳᠤ ᠨᠡᠶᠢᠴᠡᠭᠰᠡᠨ ᠮᠠᠰᠢᠨ ᠲᠡᠷᠭᠡ ᠶᠢ ᠬᠤᠳᠠᠯᠳᠤᠨ ᠠᠪᠤᠭᠰᠠᠳ ᠲᠤ ᠮᠥᠩᠭᠦᠨ ᠭᠦᠢᠯᠭᠡᠭᠡᠨ ᠤ ᠵᠢᠭᠡᠯᠡᠯᠭᠡ  ᠶᠢᠨ ᠬᠦᠦ ᠮᠥᠩᠭᠦ ᠶᠢᠨ ᠨᠥᠬᠦᠪᠦᠷᠢ ᠣᠯᠭᠤᠨ᠎ᠠ᠃ 2025 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠪᠠᠷᠠᠭᠠᠨ ᠤ ᠮᠠᠰᠢᠨ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠭᠡᠨ ᠤ ᠠᠵᠢᠯ ᠤᠨ ᠮᠠᠰᠢᠨ ᠲᠡᠷᠭᠡ᠂ ᠲᠤᠰᠬᠠᠢ ᠬᠡᠷᠡᠭᠯᠡᠭᠡᠨ ᠤ ᠬᠦᠷᠳᠦᠲᠦ ᠮᠠᠰᠢᠨ ᠲᠡᠷᠭᠡ ᠠᠴᠠ ᠲᠡᠷᠭᠡ ᠣᠩᠭᠤᠴᠠ ᠶᠢᠨ ᠭᠠᠶᠢᠯᠢ ᠲᠠᠲᠠᠪᠤᠷᠢᠯᠠᠬᠤ ᠳᠠᠭᠠᠨ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ 50% ᠪᠠᠷ ᠲᠠᠲᠠᠪᠤᠷᠢᠯᠠᠬᠤ ᠲᠥᠷᠥ  ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠯ᠎ᠡ ᠭᠠᠵᠠᠷ ᠤᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠶᠢ ᠳᠡᠮᠵᠢᠵᠦ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠲᠣᠬᠢᠷᠠᠭᠤᠯᠤᠨ ᠮᠠᠰᠢᠨ ᠲᠡᠷᠭᠡᠨ ᠤ ᠲᠥᠷᠥᠯ ᠲᠡᠮᠳᠡᠭ ᠤᠨ 4S ᠳᠡᠯᠭᠡᠭᠦᠷ ᠪᠠᠶᠢᠭᠤᠯᠬᠤ ᠱᠠᠩᠨᠠᠯ ᠤᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠪᠠᠶᠢᠴᠠᠭᠠᠨ ᠰᠢᠯᠭᠠᠬᠤ᠂ ᠫᠠᠶᠢᠰᠠ ᠠᠪᠬᠤ᠂ ᠳᠠᠭᠠᠳᠬᠠᠯ ᠳᠤ ᠣᠷᠣᠬᠤ ᠵᠡᠷᠭᠡ ︽ᠨᠢᠭᠡ ᠥᠷᠲᠡᠭᠡᠴᠢᠯᠡᠭᠰᠡᠨ︾ ᠦᠢᠯᠡᠴᠢᠯᠡᠭᠡ ᠶᠢ ᠬᠡᠷᠡᠭᠵᠢᠭᠦᠯᠵᠦ᠂ ᠦᠢᠯᠡᠴᠢᠯᠡᠭᠡᠨ ᠤ ᠴᠠᠭ ᠢ ᠤᠷᠲᠤᠳᠬᠠᠬᠤ᠂ ᠦᠢᠯᠡᠴᠢᠯᠡᠭᠡᠨ ᠤ ᠲᠣᠣᠷ ᠴᠡᠭ ᠢ ᠨᠡᠮᠡᠬᠦ᠂ ᠣᠨᠴᠠᠯᠢᠭᠲᠤ ᠦᠢᠯᠡᠴᠢᠯᠡᠭᠡ ᠬᠦᠷᠲᠡᠭᠡᠬᠦ ᠵᠡᠷᠭᠡ ᠠᠷᠭ᠎ᠠ  ᠪᠠᠷ ᠲᠠᠮᠵᠢᠨ ᠬᠡᠷᠡᠭᠯᠡᠭᠴᠢᠳ ᠲᠤ ᠲᠦᠭᠦᠮ ᠳᠥᠲᠡ ᠦᠢᠯᠡᠴᠢᠯᠡᠭᠡ ᠬᠠᠩᠭᠠᠨ᠎ᠠ᠃ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠤᠨ ᠲᠤᠬᠠᠢ ᠵᠠᠭᠠᠯᠳᠤᠯᠭ᠎ᠠ ᠶᠢᠨ ᠮᠡᠳᠡᠭᠡ ᠵᠠᠩᠭᠢ ᠶᠢ ︽ᠤᠯᠠᠭᠠᠨ ᠬᠠᠷ᠎ᠠ ᠰᠠᠮᠪᠠᠷ᠎ᠠ︾  ᠪᠠᠷ ᠵᠠᠷᠯᠠᠨ ᠨᠡᠶᠢᠲᠡᠯᠡᠬᠦ ᠠᠵᠢᠯ ᠥᠷᠨᠢᠭᠦᠯᠵᠦ᠂ ᠬᠡᠷᠡᠭᠯᠡᠭᠴᠢᠳ 7 ᠡᠳᠦᠷ ᠤᠨ ᠳᠣᠲᠣᠷ᠎ᠠ ᠤᠴᠢᠷ  ᠰᠢᠯᠲᠠᠭᠠᠨ ᠦᠭᠡᠢ  ᠪᠠᠷ ᠵᠠᠬᠢᠶᠠᠯᠠᠭ᠎ᠠ ᠪᠠᠨ ᠪᠤᠴᠠᠭᠠᠵᠤ ᠪᠤᠯᠬᠤ ᠲᠤᠬᠠᠢ ᠠᠮᠠᠯᠠᠯᠲᠠ ᠬᠢᠭᠰᠡᠨ ᠮᠠᠰᠢᠨ ᠲᠡᠷᠭᠡᠨ ᠤ ᠡᠵᠡᠩᠨᠡᠨ ᠪᠣᠷᠣᠯᠠᠭᠤᠯᠬᠤ ᠨᠢᠭᠡᠴᠢ ᠪᠣᠯᠣᠨ ᠭᠠᠷ ᠳᠠᠮᠵᠢᠭᠰᠠᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠰᠠᠨᠠᠭ᠎ᠠ ᠠᠮᠤᠷ ᠬᠡᠷᠡᠭᠯᠡᠭᠡ ᠬᠢᠬᠦ ᠵᠢᠱᠢᠶ᠎ᠡ ᠦᠵᠡᠭᠦᠯᠭᠦ ᠨᠢᠭᠡᠴᠢ ᠶᠢ ᠡᠭᠦᠳᠦᠨ ᠪᠠᠶᠢᠭᠤᠯᠤᠨ᠎ᠠ ᠭᠡᠵᠦ ᠲᠣᠭᠲᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号