ᠮᠠᠨ ᠤ ᠣᠷᠣᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠷᠡᠮᠡᠯᠵᠡᠯ ᠲᠠᠭᠯᠠᠵᠤ ᠡᠬᠢᠯᠡᠪᠡ
ᠨᠡᠶᠢᠲᠡᠯᠡᠭᠰᠡᠨ ᠴᠠᠭ᠄
2024/7/17
     7 ᠰᠠᠷ᠎ᠠ ᠶᠢᠨ 17 ᠤ ᠡᠳᠦᠷ ᠮᠠᠨ ᠤ ᠣᠷᠣᠨ ᠤ 2024 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ  ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠷᠡᠮᠡᠯᠵᠡᠯ ᠲᠠᠭᠯᠠᠬᠤ ᠠᠵᠢᠯ ᠶᠠᠪᠤᠭᠳᠠᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ  ᠤ ᠰᠤᠷᠤᠬᠴᠢᠳ ᠡᠷᠡᠮᠡᠯᠵᠡᠯ ᠲᠠᠭᠯᠠᠨ᠎ᠠ᠃      ᠡᠷᠡᠮᠡᠯᠵᠡᠯ ᠲᠠᠭᠯᠠᠬᠤ ᠰᠢᠯᠭᠠᠭᠤᠯᠤᠭᠴᠢ ᠶᠢᠨ ᠲᠠᠩᠰᠠ ᠡᠪᠬᠡᠮᠡᠯ ᠥᠭᠬᠦ ᠬᠤᠪᠢ ︵ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠶᠢᠨ ᠶᠡᠷᠦᠩᠬᠡᠢ ᠬᠤᠪᠢ + ᠲᠥᠷᠥ ᠶᠢᠨ ᠪᠣᠳᠣᠯᠭ᠎ᠠ ᠶᠢᠨ ᠴᠢᠨᠠᠷᠲᠠᠢ ᠬᠤᠪᠢ ᠨᠡᠮᠡᠬᠦ︶ ᠨᠢ ᠡᠷᠬᠡᠪᠰᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠬᠠᠷᠠᠭᠠᠯᠵᠠᠭᠰᠠᠨ ᠰᠢᠨᠵᠢᠯᠡᠭᠡᠨ ᠤ ᠲᠦᠷᠦᠯ ᠤᠨ ᠰᠣᠷᠣᠬᠴᠢ ᠡᠯᠰᠡᠬᠦ ᠬᠢᠵᠠᠭᠠᠷᠯᠠᠬᠤ ᠬᠤᠪᠢ ᠶᠢᠨ ᠱᠤᠭᠤᠮ ᠳᠤ ᠭᠦᠷᠦᠭᠰᠡᠨ ᠪᠠᠶᠢᠬᠤ ᠬᠡᠷᠡᠭᠲᠡᠢ᠃ ᠰᠣᠷᠣᠬᠴᠢ ᠡᠯᠰᠡᠬᠦ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠲᠥᠯᠥᠪᠯᠡᠭᠡ ᠶᠢᠨ ᠬᠢᠷᠢ ᠭᠡᠮ ᠢ ᠣᠯᠣᠭᠰᠠᠨ ᠰᠢᠯᠭᠠᠭᠤᠯᠤᠭᠴᠢ ᠰᠠᠶ᠋ᠢ ᠰᠣᠷᠣᠬᠴᠢ ᠡᠯᠰᠡᠬᠦ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ  ᠲᠤᠰᠬᠠᠢ ᠲᠥᠯᠥᠪᠯᠡᠭᠡ ᠶᠢᠨ ᠡᠷᠡᠮᠡᠯᠵᠡᠯ ᠢ ᠲᠠᠭᠯᠠᠨ ᠮᠡᠳᠡᠭᠦᠯᠵᠦ ᠪᠣᠯᠣᠨ᠎ᠠ᠃      7 ᠰᠠᠷ᠎ᠠ ᠶᠢᠨ 17 ᠤ ᠡᠳᠦᠷ ᠤᠨ 8᠄ 00 ᠠᠴᠠ ᠡᠬᠢᠯᠡᠨ ᠡᠷᠡᠮᠡᠯᠵᠡᠯ ᠲᠠᠬᠯᠠᠨ᠎ᠠ᠃ 10᠄00 ᠠᠴᠠ ᠰᠡᠭᠦᠯᠡᠷ ᠡᠷᠡᠮᠡᠯᠵᠡᠯ ᠢᠶᠠᠨ ᠬᠠᠰᠤᠵᠤ ᠪᠤᠯᠬᠤ ᠦᠭᠡᠢ᠂ ᠭᠡᠪᠡᠴᠦ ᠰᠢᠨ᠎ᠡ ᠪᠠᠷ ᠡᠷᠡᠮᠡᠯᠵᠡᠯ ᠨᠡᠮᠡᠵᠦ ᠲᠠᠭᠯᠠᠵᠤ ᠪᠤᠯᠣᠨ᠎ᠠ᠃ 10᠄30 ᠠᠴᠠ ᠰᠡᠭᠦᠯᠡᠷ ᠡᠷᠡᠮᠡᠯᠵᠡᠯ ᠢᠶᠠᠨ ᠬᠠᠰᠤᠬᠤ ᠶᠢ ᠵᠥᠪᠰᠢᠶᠡᠷᠡᠬᠦ ᠦᠭᠡᠢ ᠮᠥᠷᠲᠡᠭᠡᠨ ᠰᠢᠨ᠎ᠡ ᠪᠠᠷ  ᠨᠡᠮᠡᠵᠦ  ᠲᠠᠭᠯᠠᠬᠤ ᠶᠢ  ᠴᠤ  ᠵᠥᠪᠰᠢᠶᠡᠷᠡᠬᠦ ᠦᠭᠡᠢ᠂ ᠵᠥᠪᠭᠡᠨ ᠡᠷᠡᠮᠡᠯᠵᠡᠯ ᠢᠶᠠᠨ ᠵᠠᠰᠠᠬᠤ ᠶᠢ ᠵᠥᠪᠰᠢᠶᠡᠷᠡᠨ᠎ᠡ᠃ 9᠄00 ᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠭᠰᠠᠨ ᠪᠦᠷᠢᠳᠬᠡᠯ ᠤᠨ ᠮᠡᠳᠡᠭᠡ ᠵᠠᠩᠭᠢ ᠶᠢ ᠠᠩᠬ᠎ᠠ ᠤᠳᠠᠭ᠎ᠠ ᠨᠡᠶᠢᠲᠡᠯᠡᠵᠦ᠂ ᠬᠤᠶᠢᠰᠢᠳᠠ ᠴᠠᠭ ᠪᠦᠷᠢ ᠨᠢᠭᠡ ᠤᠳᠠᠭ᠎ᠠ ᠨᠡᠶᠢᠲᠡᠯᠡᠨ᠎ᠡ᠃      ᠡᠷᠡᠮᠡᠯᠵᠡᠯ ᠲᠠᠭᠯᠠᠬᠤ ᠰᠤᠷᠤᠬᠴᠢᠳ ᠤᠨ ᠠᠩᠬᠠᠷᠬᠤ ᠵᠦᠢᠯᠡᠰ ᠭᠡᠪᠡᠯ᠂ ᠰᠢᠯᠭᠠᠭᠤᠯᠤᠭᠴᠢ ᠠᠯᠪᠠᠨ ᠤ ᠪᠤᠰᠤ ᠡᠷᠡᠮᠡᠯᠵᠡᠯ ᠲᠠᠭᠯᠠᠬᠤ ᠰᠢᠰᠲ᠋ᠧᠮ ᠢᠶᠠᠷ ᠡᠷᠡᠮᠡᠯᠵᠡᠯ ᠲᠠᠭᠯᠠᠵᠤ ᠪᠤᠯᠬᠤ ᠦᠭᠡᠢ᠃ ᠡᠷᠡᠮᠡᠯᠵᠡᠯ ᠲᠠᠭᠯᠠᠬᠤ ᠬᠤᠭᠤᠴᠠᠭᠠᠨ ᠳᠤ  ᠬᠡᠷᠪᠡ ᠶᠡᠭᠡ ᠳᠡᠭᠡᠳᠦ ᠰᠤᠷᠭᠠᠭᠤᠯᠢ ᠨᠤᠭᠤᠳ ᠰᠣᠷᠣᠬᠴᠢ ᠶᠢᠨ ᠢᠷᠡᠯᠲᠡ ᠶᠢᠨ ᠪᠠᠶᠢᠳᠠᠯ ᠵᠡᠷᠭᠡ  ᠶᠢ ᠦᠨᠳᠦᠰᠦᠯᠡᠨ ᠰᠣᠷᠣᠬᠴᠢ ᠡᠯᠰᠡᠬᠦ ᠲᠥᠯᠥᠪᠯᠡᠭᠡ᠂ ᠲᠠᠩᠰᠠ ᠡᠪᠬᠡᠮᠡᠯ ᠥᠭᠬᠦ ᠬᠠᠷᠢᠴᠠᠯ ᠪᠤᠶᠤ ᠪᠤᠰᠤᠳ ᠬᠠᠮᠢᠶ᠎ᠠ ᠪᠦᠬᠦᠢ ᠠᠭᠤᠯᠭ᠎ᠠ ᠳᠠᠭᠠᠨ ᠲᠣᠬᠢᠷᠠᠭᠤᠯᠤᠯᠲᠠ ᠬᠢᠬᠦ ᠳᠤ ᠭᠦᠷᠪᠡᠯ  ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠴᠠᠭ ᠲᠤᠬᠠᠢ ᠳᠤᠨᠢ ︽ᠡᠷᠡᠮᠡᠯᠵᠡᠯ ᠲᠠᠭᠯᠠᠬᠤ ᠲᠤᠰᠬᠠᠢ ᠪᠤᠯᠤᠩ︾ ᠢᠶᠠᠷ ᠳᠠᠮᠵᠢᠭᠤᠯᠤᠨ ᠨᠡᠶᠢᠲᠡᠯᠡᠨ᠎ᠡ᠃ ᠰᠢᠯᠭᠠᠭᠤᠯᠤᠭᠴᠢ ᠡᠷᠬᠡᠪᠰᠢ ᠲᠣᠰ ᠲᠤᠰᠬᠠᠢ ᠪᠤᠯᠤᠩ ᠤᠨ ᠨᠡᠶᠢᠲᠡᠯᠡᠭᠰᠡᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠦᠷᠭᠦᠯᠵᠢ ᠪᠠᠶᠢᠴᠠᠭᠠᠨ ᠦᠵᠡᠬᠦ ᠶᠢᠨ ᠬᠠᠮᠲᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠲᠠᠪᠴᠠᠩ ᠤᠨ ᠰᠠᠨᠠᠭᠤᠯᠤᠭᠰᠠᠨ ᠬᠠᠮᠤᠭ ᠤᠨ ᠰᠢᠨ᠎ᠡ ᠮᠡᠳᠡᠭᠡ ᠵᠠᠩᠭᠢ ᠶᠢ ᠠᠩᠬᠠᠷᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠰᠣᠷᠣᠬᠴᠢ ᠡᠯᠰᠡᠬᠦ ᠳᠡᠭᠡᠨ ᠰᠢᠯᠭᠠᠭᠤᠯᠤᠭᠴᠢ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠪᠣᠳᠣᠯᠬᠢᠯᠠᠬᠤ ᠠᠴᠠ ᠭᠠᠳᠠᠨ᠎ᠠ ᠪᠠᠰᠠ ᠰᠢᠯᠭᠠᠭᠤᠯᠤᠭᠴᠢ ᠶᠢᠨ ᠲᠤᠰᠬᠠᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠪᠣᠳᠣᠯᠬᠢᠯᠠᠨ᠎ᠠ᠃ ᠡᠶᠢᠮᠦ ᠠᠴᠠ ᠰᠢᠯᠭᠠᠭᠤᠯᠤᠭᠴᠢ ᠡᠷᠬᠡᠪᠰᠢ ᠮᠡᠳᠡᠭᠦᠯᠦᠭᠰᠡᠨ ᠶᠡᠭᠡ ᠳᠡᠭᠡᠳᠦ ᠰᠤᠷᠭᠠᠭᠤᠯᠢ ᠶᠢᠨ ᠰᠣᠷᠣᠬᠴᠢ ᠡᠯᠰᠡᠬᠦ ᠲᠥᠯᠥᠪᠯᠡᠭᠡ ᠶᠢᠨ ᠬᠠᠮᠢᠶ᠎ᠠ ᠪᠦᠬᠦᠢ ᠠᠭᠤᠯᠭ᠎ᠠ ᠪᠠ ᠰᠣᠷᠣᠬᠴᠢ ᠡᠯᠰᠡᠬᠦ ᠳᠦᠷᠢᠮ ᠳᠠᠬᠢ ᠰᠣᠷᠣᠬᠴᠢ ᠡᠯᠰᠡᠬᠦ ᠳᠦᠷᠢᠮ ᠵᠢᠴᠢ ᠲᠤᠰᠬᠠᠢ ᠮᠡᠷᠭᠡᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠤᠩᠰᠢᠬᠤ ᠬᠡᠷᠡᠭᠲᠡᠢ᠃ ᠰᠢᠯᠭᠠᠭᠤᠯᠤᠭᠴᠢ ᠡᠷᠬᠡᠪᠰᠢ ᠡᠷᠡᠮᠡᠯᠵᠡᠯ ᠲᠠᠭᠯᠠᠬᠤ ᠲᠣᠭᠲᠠᠭᠰᠠᠨ ᠴᠠᠭ ᠤᠨ ᠳᠣᠲᠣᠷ᠎ᠠ ᠡᠷᠡᠮᠡᠯᠵᠡᠯ   ᠢᠶᠠᠨ ᠲᠠᠭᠯᠠᠬᠤ ᠬᠡᠷᠡᠭᠲᠡᠢ᠂  ᠬᠤᠭᠤᠴᠠᠭ᠎ᠠ ᠬᠡᠲᠦᠷᠡᠲᠡᠯ᠎ᠡ ᠡᠷᠡᠮᠡᠯᠵᠡᠯ ᠢᠶᠠᠨ ᠲᠠᠭᠯᠠᠬᠤ ᠦᠭᠡᠢ ᠪᠣᠯ ᠰᠠᠶᠢᠨ ᠳᠤᠷ᠎ᠠ ᠠᠴᠠ ᠪᠠᠨ ᠲᠣᠰ ᠤᠳᠠᠭᠠᠨ ᠤ ᠡᠷᠡᠮᠡᠯᠵᠡᠯ ᠲᠠᠭᠯᠠᠬᠤ ᠡᠷᠬᠡ ᠪᠠᠨ ᠬᠠᠶᠠᠭᠰᠠᠨ ᠢᠶᠠᠷ ᠦᠵᠡᠨ᠎ᠡ᠃ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠵᠥᠪᠭᠡᠨ ᠲᠤᠰᠬᠠᠢ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠬᠦ ᠪᠠᠷ ᠠᠮᠠᠯᠠᠭᠰᠠᠨ ᠰᠢᠯᠭᠠᠭᠤᠯᠤᠭᠴᠢ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠲᠤ ᠨᠡᠷ᠎ᠡ ᠮᠡᠳᠡᠭᠦᠯᠵᠦ ᠪᠤᠯᠬᠤ ᠦᠭᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号