ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ︽ᠳᠤᠮᠳᠠᠳᠤ ᠤᠯᠤᠰ ᠤᠨ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ︾ ᠭᠡᠬᠦ ᠴᠠᠭᠠᠨ ᠭᠠᠳᠠᠷᠲᠤ ᠪᠢᠴᠢᠭ ᠨᠡᠶᠢᠲᠡᠯᠡᠪᠡ
ᠨᠡᠶᠢᠲᠡᠯᠡᠭᠰᠡᠨ ᠴᠠᠭ᠄
2024/7/17
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ 11 ᠤ ᠡᠳᠦᠷ  ︽ᠳᠤᠮᠳᠠᠳᠤ ᠤᠯᠤᠰ ᠤᠨ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ︾ ᠭᠡᠬᠦ ᠴᠠᠭᠠᠨ ᠭᠠᠳᠠᠷᠲᠤ ᠪᠢᠴᠢᠭ  ᠨᠡᠶᠢᠲᠡᠯᠡᠪᠡ᠃      ᠴᠠᠭᠠᠨ ᠭᠠᠳᠠᠷᠲᠤ ᠪᠢᠴᠢᠭ ᠨᠢ ᠤᠳᠤᠷᠢᠳᠬᠠᠯ ᠤᠨ ᠬᠡᠰᠡᠭ ᠪᠣᠯᠣᠨ ᠲᠡᠭᠦᠰᠬᠡᠯ ᠤᠨ ᠦᠭᠡ ᠠᠴᠠ ᠭᠠᠳᠠᠨ᠎ᠠ 7 ᠬᠡᠰᠡᠭ ᠬᠤᠪᠢᠶᠠᠵᠤ᠂ ᠲᠣᠰ ᠲᠣᠰ ᠬᠥᠮᠥᠨ ᠲᠡᠯᠡᠶ ᠶᠢᠨ ᠡᠶ᠎ᠡ ᠵᠣᠬᠢᠴᠠᠩᠭᠤᠢ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠪᠠᠶᠢᠭᠤᠯᠬᠤ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠰᠢᠰᠲ᠋ᠧᠮ ᠲᠠᠢ ᠵᠠᠰᠠᠬᠤ᠂ ᠲᠡᠯᠡᠶ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠲᠡᠯᠡᠶ ᠲᠠᠩᠭᠢᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠬᠦ ᠵᠡᠷᠭᠡ ᠪᠣᠯᠣᠨ᠎ᠠ᠃      ᠴᠠᠭᠠᠨ ᠭᠠᠳᠠᠷᠲᠤ ᠪᠢᠴᠢᠭ ᠲᠤ᠂ ᠳᠤᠮᠳᠠᠳᠤ ᠤᠯᠤᠰ ᠪᠣᠯ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠡᠰ ᠪᠠᠲᠤ ᠠᠬᠢᠭᠤᠯᠤᠭᠴᠢ ᠪᠠ ᠢᠳᠡᠪᠬᠢᠲᠡᠢ ᠠᠵᠢᠯᠯᠠᠭᠴᠢ ᠮᠥᠨ᠂ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠨᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠪᠠ ᠲᠠᠯᠠᠢ ᠲᠠᠩᠭᠢᠰ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠲᠠᠢ ᠬᠤᠯᠪᠣᠭᠳᠠᠨ᠎ᠠ᠃ ᠤᠯᠠᠨ ᠵᠢᠯ ᠤᠨ ᠲᠤᠷᠰᠢ᠂ ᠳᠤᠮᠳᠠᠳᠤ ᠤᠯᠤᠰ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠨ ᠲᠤᠯᠭᠠᠭᠤᠷᠢᠯᠠᠵᠤ᠂ ᠬᠥᠮᠥᠨ ᠳᠠᠯᠠᠢ ᠶᠢᠨ ᠡᠶ᠎ᠡ ᠵᠣᠬᠢᠴᠠᠩᠭᠤᠢ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠪᠠ ᠭᠡᠵᠦ ᠵᠢᠭᠠᠵᠤ ᠭᠠᠷᠭᠠᠪᠠ᠃      ᠴᠠᠭᠠᠨ ᠭᠠᠳᠠᠷᠲᠤ ᠪᠢᠴᠢᠭ ᠲᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠳᠤᠮᠳᠠᠳᠤ ᠤᠯᠤᠰ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠵᠣᠬᠢᠴᠠᠵᠤ᠂ ᠠᠯᠢ ᠤᠯᠠᠨ ᠦᠨᠳᠦᠰᠦᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠠᠯᠤᠰ ᠭᠡᠳᠤ ᠶᠢᠨ ᠴᠢᠨᠠᠷᠲᠠᠢ ᠠᠵᠢᠯ ᠢ ᠥᠷᠨᠢᠭᠦᠯᠵᠦ᠂ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ ᠳᠤᠮᠳᠠᠳᠤ ᠤᠯᠤᠰ ᠤᠨ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠰᠠᠶᠢᠵᠢᠷᠠᠵᠤ᠂ ᠬᠡᠰᠡᠭ ᠲᠡᠯᠡᠶ ᠶᠢᠨ ᠣᠷᠣᠨ ᠤ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠴᠢᠳᠠᠮᠵᠢ ᠢᠯᠡᠳᠲᠡ ᠳᠡᠭᠡᠭᠰᠢᠯᠡᠵᠦ᠂ ᠲᠡᠯᠡᠶ ᠲᠠᠩᠭᠢᠰ ᠤᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠠᠰᠢᠭᠯᠠᠵᠤ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠲᠠᠰᠤᠷᠠᠯᠲᠠ ᠦᠭᠡᠢ ᠪᠦᠷᠢᠨᠰᠢᠵᠦ᠂ ᠠᠷᠠᠳ ᠣᠯᠠᠨ ᠤ ᠲᠡᠯᠡᠶ ᠲᠠᠢ ᠣᠶᠢᠷᠠᠲᠤᠵᠤ ᠲᠡᠯᠡᠶ ᠲᠠᠢ ᠳᠣᠲᠣᠨᠣᠴᠢᠯᠠᠭᠰᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠵᠦ᠂ ᠲᠡᠯᠡᠶ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ ᠭᠡᠵᠦ ᠲᠠᠨᠢᠯᠴᠠᠭᠤᠯᠪᠠ᠃      ᠴᠠᠭᠠᠨ ᠭᠠᠳᠠᠷᠲᠤ ᠪᠢᠴᠢᠭ ᠲᠤ᠂ ᠳᠤᠮᠳᠠᠳᠤ ᠤᠯᠤᠰ ᠲᠠᠯᠠᠢ ᠲᠠᠩᠭᠢᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠨᠡᠶᠢᠲᠡ ᠶᠢᠨ ᠭᠡᠷ᠎ᠡ ᠶᠢᠨ ᠬᠠᠷᠢᠭᠤᠴᠠᠯᠭ᠎ᠠ ᠡᠭᠦᠷᠭᠡ ᠪᠠᠨ ᠦᠨᠡᠨ ᠬᠦ ᠭᠦᠢᠴᠡᠳᠬᠡᠵᠦ᠂ ᠪᠦᠭᠦ ᠪᠥᠮᠪᠥᠷᠴᠡᠭ ᠤᠨ ᠲᠠᠯᠠᠢ ᠲᠠᠩᠭᠢᠰ ᠤᠨ ᠣᠷᠴᠢᠨ ᠲᠣᠭᠤᠷᠢᠨ ᠤ ᠵᠠᠰᠠᠯᠲᠠ ᠳᠤ ᠳᠤᠮᠳᠠᠳᠤ ᠤᠯᠤᠰ ᠤᠨ ᠲᠥᠰᠥᠯ ᠢ ᠳᠤᠷᠠᠳᠴᠤ᠂ ᠳᠤᠮᠳᠠᠳᠤ ᠤᠯᠤᠰ ᠤᠨ ᠬᠦᠴᠦᠨ ᠴᠢᠳᠠᠯ ᠢ ᠬᠠᠨᠳᠢᠪᠯᠡᠵᠤ᠂ ᠬᠠᠷᠢᠭᠤᠴᠠᠯᠭ᠎ᠠ ᠲᠠᠢ ᠲᠣᠮᠣ ᠤᠯᠤᠰ ᠤᠨ ᠵᠢᠳᠬᠦᠯ ᠴᠢᠷᠮᠠᠶᠢᠯᠭ᠎ᠠ ᠪᠠ ᠡᠭᠦᠷᠭᠡᠯᠡᠯ ᠢ ᠢᠯᠡᠷᠡᠭᠦᠯᠪᠡ ᠭᠡᠵᠡᠢ᠃      ᠴᠠᠭᠠᠨ ᠭᠠᠳᠠᠷᠲᠤ ᠪᠢᠴᠢᠭ ᠲᠤ᠂ ᠰᠢᠨ᠎ᠡ ᠠᠶᠠᠨ ᠳᠤ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠬᠥᠮᠥᠨ ᠳᠠᠯᠠᠢ ᠶᠢᠨ ᠡᠶ᠎ᠡ ᠵᠣᠬᠢᠴᠠᠩᠭᠤᠢ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠪᠠᠶᠢᠭᠤᠯᠤᠨ᠎ᠠ᠃ ᠳᠤᠮᠳᠠᠳᠤ ᠤᠯᠤᠰ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠶᠢ ᠪᠠᠲᠤ ᠰᠠᠬᠢᠵᠤ᠂ ᠪᠣᠳᠠᠲᠤ ᠠᠵᠢᠯᠯᠠᠭ᠎ᠠ ᠪᠠᠷ ᠢᠶᠠᠨ ᠲᠠᠯᠠᠢ ᠲᠠᠩᠭᠢᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠲᠠᠯᠠᠢ ᠲᠠᠩᠭᠢᠰ ᠤᠨ ᠠᠮᠢ ᠠᠬᠤᠢ ᠶᠢᠨ ᠪᠣᠯᠪᠠᠰᠤᠨ ᠤ ᠰᠠᠭᠤᠷᠢ ᠶᠢ ᠬᠠᠮᠲᠤ ᠪᠠᠷ ᠴᠣᠭᠴᠠᠯᠠᠵᠤ᠂ ᠲᠠᠯᠠᠢ ᠲᠠᠩᠭᠢᠰ ᠤᠨ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠬᠠᠮᠲᠤ ᠪᠠᠷ ᠵᠠᠮᠨᠠᠵᠤ᠂ ᠲᠠᠯᠠᠢ ᠲᠠᠩᠭᠢᠰ ᠢ ᠡᠭᠦᠷᠢᠳᠡ ᠬᠥᠮᠥᠨ ᠲᠥᠷᠥᠯᠬᠢᠲᠡᠨ ᠤ ᠣᠷᠣᠰᠢᠨ ᠠᠮᠢᠳᠤᠷᠠᠬᠤ᠂ ᠬᠥᠭᠵᠢᠬᠦ ᠳᠤ ᠲᠦᠰᠢᠭᠯᠡᠬᠦ ᠰᠠᠶᠢᠨ ᠰᠠᠶᠢᠬᠠᠨ ᠭᠡᠷ ᠣᠷᠣᠨ ᠪᠤᠯᠭᠠᠵᠤ᠂ ᠨᠡᠩ ᠠᠷᠢᠭᠤᠨ ᠴᠡᠪᠡᠷ᠂ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号